ᠨᠡᠶᠢᠭᠡᠮ ᠤᠨ ᠳᠠᠭᠠᠳᠬᠠᠯ ᠤᠨ ᠠᠵᠤ ᠠᠬᠤᠶᠢᠯᠠᠯ ᠤᠨ ᠣᠯᠭᠤᠮᠵᠢ ᠶᠢᠨ ᠲᠤᠬᠠᠶᠢᠯᠠᠭᠰᠠᠨ ᠠᠵᠢᠯ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ | ᠪᠠᠲᠤᠯᠠᠬᠤ ᠶᠢᠨ ᠲᠥᠯᠥᠭᠡ᠂ 5 ᠰᠠᠷ᠎ᠠ ᠶᠢᠨ 27 ᠤ ᠡᠳᠦᠷ᠂ ᠲᠣᠪᠴᠢᠶ᠎ᠠ ᠶᠢᠨ ᠰᠠᠭᠤᠷᠢ ᠮᠥᠩᠭᠦᠨ ᠤ ᠲᠠᠰᠤᠭ ᠤᠨ | ᠠᠵᠢᠯᠲᠠᠨ ᠨᠡᠶᠢᠭᠡᠮ ᠤᠨ ᠳᠠᠭᠠᠳᠬᠠᠯ ᠤᠨ ᠲᠥᠪ ᠲᠤ ᠬᠦᠷᠴᠦ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ ᠤᠯᠭᠤᠬᠤ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠪᠠ᠃ | | | | ᠬᠢᠨᠠᠨ ᠪᠠᠶᠢᠴᠠᠭᠠᠬᠤ ᠠᠵᠢᠯ ᠨᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠤᠭ᠎ᠠ | ᠪᠠᠷᠢᠮᠲᠠ ᠶᠢᠨ ᠦᠨᠡᠨ ᠪᠣᠳᠠᠲᠤ ᠴᠢᠨᠠᠷ᠂ ᠪᠠᠯᠠ ᠮᠥᠩᠭᠦ ᠶᠢᠨ ᠬᠠᠮᠢᠶᠠᠷᠤᠯᠲᠠ᠂ ᠲᠠᠩᠰᠠ ᠡᠪᠬᠡᠮᠡᠯ ᠤᠨ ᠬᠠᠮᠢᠶᠠᠷᠤᠯᠲᠠ᠂ | ᠣᠯᠭᠤᠮᠵᠢ ᠣᠯᠭᠤᠬᠤ ᠴᠤᠪᠤᠷᠠᠯ ᠨᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠭᠤᠤᠯᠳᠠᠯᠭ᠎ᠠ ᠲᠠᠢ ᠠᠭᠤᠯᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ ᠥᠷᠨᠢᠭᠦᠯᠪᠡ᠃ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠭᠴᠢ ᠨᠢ ᠠᠵᠤ | ᠠᠬᠤᠶᠢᠯᠠᠯ ᠤᠨ ᠣᠯᠭᠤᠮᠵᠢ ᠶᠢ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠡᠭᠡᠨ᠂ ᠠᠵᠤ | ᠠᠬᠤᠶᠢᠯᠠᠯ ᠵᠢᠴᠢ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠨ ᠴᠠᠭ ᠲᠤᠬᠠᠶ ᠳᠤᠨᠢ ᠲᠤᠭ᠎ᠠ | ᠶᠣᠰᠣᠭᠠᠷ ᠲᠤᠰᠢᠶᠠᠭᠰᠠᠨ ᠡᠰᠡᠬᠦ ᠶᠢ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ 3 ᠠᠵᠤ ᠠᠬᠤᠶᠢᠯᠠᠯ ᠤᠨ | ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢᠨ ᠭᠤᠶᠤᠴᠢᠯᠠᠨ ᠠᠪᠬᠤ ᠮᠠᠲ᠋ᠧᠷᠢᠶᠠᠯ ᠵᠡᠷᠭᠡ ᠶᠢ ᠰᠤᠭᠤᠴᠢᠨ | ᠪᠠᠶᠢᠴᠠᠭᠠᠭᠠᠳ᠂ ᠬᠤᠳᠠᠯ ᠢᠶᠠᠷ ᠮᠡᠳᠡᠭᠦᠯᠦᠭᠰᠡᠨ᠂ ᠣᠷᠬᠢᠭᠳᠠᠭᠤᠯᠤᠭᠰᠠᠨ ᠠᠰᠠᠭᠤᠳᠠᠯ ᠪᠠᠶᠢᠬᠤ ᠶᠢ ᠣᠯᠵᠤ ᠮᠡᠳᠡᠭᠰᠡᠨ | ᠥᠬᠡᠶ᠃ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠲᠠᠷᠬᠠᠭᠠᠬᠤ | ᠴᠤᠪᠤᠷᠠᠯ ᠵᠢᠷᠤᠮᠵᠢᠯ ᠲᠠᠢ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠠᠮᠤᠷ ᠲᠦᠪᠰᠢᠨ ᠢᠶᠠᠷ | ᠠᠵᠢᠯᠯᠠᠭᠤᠯᠵᠤ᠂ ᠨᠡᠭᠦᠯᠭᠡᠨ ᠬᠡᠷᠡᠭᠯᠡᠬᠦ ᠪᠤᠶᠤ ᠰᠠᠭᠠᠲᠠᠭᠠᠬᠤ ᠦᠵᠡᠭᠳᠡᠯ ᠥᠬᠡᠶ᠃ ᠠᠵᠤ ᠠᠬᠤᠶᠢᠯᠠᠯ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢᠨ ᠲᠤᠬᠠᠶᠢᠯᠠᠭᠰᠠᠨ ᠠᠵᠢᠯ ᠤᠨ ᠳᠠᠩᠰᠠ ᠡᠪᠬᠡᠮᠡᠯ ᠨᠢ | ᠪᠦᠷᠢᠨ ᠪᠦᠲᠦᠨ᠂ ᠳᠠᠩᠰᠠ ᠡᠪᠬᠡᠮᠡᠯ ᠳᠤ ᠣᠷᠣᠭᠤᠯᠬᠤ ᠨᠢ ᠵᠢᠷᠤᠮᠵᠢᠯ ᠲᠠᠢ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠠᠶᠢᠩᠭᠤᠵᠢᠭᠰᠠᠨ ᠬᠢᠨᠠᠨ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠲᠦᠭᠰᠢᠭᠦᠷᠢ ᠶᠡᠬᠡᠲᠡᠶ ᠲᠤᠬᠠᠶᠢᠯᠠᠭᠰᠠᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ | ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠪᠣᠯᠤᠨ ᠠᠵᠢᠯᠲᠠᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦ ᠶᠢᠨ ᠠᠶᠦᠯᠭᠦᠢ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | | | | | | | | |