5 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠪᠤᠭᠤᠲᠤ ᠶᠢᠨ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠰᠢᠶᠧ ᠳ᠋ᠠ ᠭᠠᠩ ᠲᠤᠭᠤᠷᠢᠭ ᠤᠨ ᠨᠠᠮ ᠵᠠᠰᠠᠭ ᠤᠨ ᠠᠯᠪᠠᠨ ᠠᠰᠠᠷ ᠤᠨ 433 | ᠬᠤᠷᠠᠯ ᠤᠨ ᠬᠡᠷ ᠲᠤ᠂ ᠵᠢᠤ ᠶᠤᠸᠠᠨ ᠲᠣᠭᠤᠷᠢᠭ ᠤᠨ 2025 ᠣᠨ ᠤ ᠣᠶ ᠰᠢᠭᠤᠶ ᠶᠢᠨ ᠳᠠᠷᠤᠭ᠎ᠠ ᠶᠢᠨ | ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ ᠢ ᠰᠦᠢᠳᠬᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ | ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠭᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠵᠤ᠂ | ᠣᠶᠢᠷ᠎ᠠ ᠶᠢᠨ ᠠᠵᠢᠯ ᠤᠨ ᠪᠠᠶᠢᠳᠠᠯ ᠢ ᠵᠠᠳᠠᠯᠤᠨ ᠳ᠋ᠦᠩᠨᠡᠬᠦ ᠵᠢᠴᠢ ᠲᠠᠷᠠᠭᠠᠴᠢ ᠶᠢᠨ ᠠᠵᠢᠯ ᠤᠨ ᠭᠤᠤᠯᠳᠠᠯᠭ᠎ᠠ ᠶᠢ | ᠰᠤᠳᠤᠯᠪᠠ᠃ | | | | ᠬᠤᠷᠠᠯ ᠠᠴᠠ : ᠣᠶ ᠰᠢᠭᠤᠶ ᠶᠢᠨ ᠳᠠᠷᠤᠭ᠎ᠠ ᠪᠠᠷ ᠭᠠᠷᠳᠠᠴᠠ ᠪᠣᠯᠭᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ | ᠪᠣᠳᠠᠲᠠᠶᠢᠵᠢᠭᠤᠯᠬᠤ᠂ ᠦᠯᠡᠳᠡᠭᠡᠯ ᠬᠡᠮ ᠰᠣᠭᠤᠭ ᠢ ᠠᠷᠢᠯᠭᠠᠬᠤ᠂ ᠨᠡᠮᠡᠭᠳᠡᠬᠦ ᠶᠢ ᠴᠢᠩᠭ᠎ᠠ ᠰᠡᠷᠭᠡᠶᠢᠯᠡᠬᠦ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠪᠠᠷ ᠣᠶ ᠰᠢᠭᠤᠶ ᠨᠤᠲᠤᠭ ᠪᠡᠯᠴᠢᠭᠡᠷ ᠢ | ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠨ᠎ᠠ᠃ | ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠵᠠᠰᠠᠵᠤ᠂ ᠲᠦᠷᠭᠡᠨ᠂ ᠴᠢᠩᠭ᠎ᠠ᠂ ᠨᠠᠷᠢᠯᠢᠭ ᠪᠠᠶᠢᠬᠤ ᠶᠢ | ᠳᠣᠪᠤᠶᠢᠯᠭᠠᠨ᠂ ᠠᠶᠤᠩᠭ᠎ᠠ ᠮᠡᠲᠦ ᠴᠢᠩᠭ᠎ᠠ ᠴᠣᠬᠢᠯᠲᠠ ᠥᠭᠴᠦ᠂ ᠣᠶ ᠰᠢᠭᠤᠶ ᠨᠤᠲᠤᠭ ᠪᠡᠯᠴᠢᠭᠡᠷ ᠢ ᠰᠦᠢᠳᠬᠡᠵᠦ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠣᠷᠳᠣ | ᠬᠤᠭᠤᠴᠠᠭ᠎ᠠ ᠪᠠᠷ ᠪᠦᠲᠦᠮᠵᠢᠲᠡᠶ ᠪᠠᠶᠢᠬᠤ ᠶᠢ ᠪᠠᠷᠢᠮᠲᠠᠯᠠᠵᠤ᠂ ᠪᠠᠶᠢᠭᠤᠯᠤᠯ ᠢ ᠰᠢᠯᠤᠭᠤᠳᠬᠠᠵᠤ᠂ ᠬᠠᠤᠯᠢ ᠲᠦᠷᠢᠮ ᠢ | ᠲᠡᠭᠦᠯᠳᠡᠷᠵᠢᠭᠦᠯᠵᠦ᠂ ᠲᠣᠭᠲᠠᠴᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠶ ᠪᠠᠷ | ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠰᠢᠰᠲ᠋ᠧᠮ ᠢ ᠪᠦᠷᠢᠨᠰᠢᠭᠦᠯᠦᠨ᠎ᠡ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠯᠠᠪᠳᠠᠭᠤᠨ ᠠᠬᠢᠭᠤᠯᠵᠤ᠂ ᠰᠢᠰᠲ᠋ᠧᠮ ᠲᠠᠢ ᠪᠠᠷ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ | | | | | | | | |