《 6·1 》 ᠤ ᠬᠡᠦᠬᠡᠳ ᠤᠨ ᠪᠠᠶᠠᠷ ᠣᠶᠢᠷᠠᠳᠴᠤ᠂ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂《 | 6·1 》 ᠤ ᠬᠡᠦᠬᠡᠳ ᠤᠨ ᠪᠠᠶᠠᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠥᠷᠭᠡᠨ ᠤᠯᠠᠨ | ᠬᠡᠦᠬᠡᠳ ᠤᠨ ᠪᠠᠶᠠᠷ ᠪᠠᠶᠠᠰᠤᠯ ᠲᠠᠢ᠂ ᠠᠮᠤᠷ ᠲᠦᠪᠰᠢᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ | ᠪᠠᠲᠤᠯᠠᠨ᠎ᠠ᠃ | | | | ᠬᠠᠤᠯᠢ ᠬᠡᠷᠡᠭᠵᠢᠭᠦᠯᠬᠦ ᠠᠵᠢᠯᠲᠠᠨ ᠲᠠᠰᠢᠷᠠᠮ ᠢᠶᠠᠷ ᠣᠯᠠᠨ ᠬᠤᠳᠠᠯᠳᠤᠭᠠᠴᠢᠨ ᠳᠤ ᠪᠦᠬᠦ ᠲᠠᠯ᠎ᠠ ᠶᠢᠨ | ᠪᠠᠶᠢᠴᠠᠭᠠᠯᠲᠠ ᠬᠢᠪᠡ᠃ ᠪᠠᠶᠢᠴᠠᠭᠠᠯᠲᠠ ᠨᠢ ᠭᠤᠤᠯᠳᠠᠭᠤ ᠬᠤᠳᠠᠯᠳᠤᠬᠤ ᠲᠣᠭᠯᠠᠭᠠᠮ ᠤᠨ ᠵᠦᠢᠯ ᠨᠢ 3 C | ᠭᠡᠷᠡᠴᠢᠯᠡᠯ ᠤᠨ ᠲᠡᠮᠳᠡᠭ ᠢ ᠪᠦᠷᠢᠯᠳᠦᠭᠦᠯᠦᠭᠰᠡᠨ ᠡᠰᠡᠬᠦ᠂ ᠦᠢᠯᠡᠳᠭᠦᠨ ᠤ ᠱᠣᠰᠢᠭ᠎ᠠ ᠲᠡᠮᠳᠡᠭ ᠪᠠᠶᠢᠬᠤ ᠡᠰᠡᠬᠦ᠂ | ᠲᠡᠮᠳᠡᠭ ᠤᠨ ᠠᠭᠤᠯᠭ᠎ᠠ ᠨᠢ ᠪᠦᠷᠢᠨ ᠭᠦᠢᠴᠡᠳ ᠡᠰᠡᠬᠦ᠂ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ ᠨᠢ | ᠲᠣᠳᠣᠷᠬᠠᠶ ᠵᠡᠭᠦᠯᠲᠡ ᠬᠠᠳᠠᠭᠰᠠᠨ ᠡᠰᠡᠬᠦ ᠵᠢᠴᠢ ᠲᠣᠳᠣᠷᠬᠠᠶ ᠰᠡᠷᠡᠮᠵᠢᠯᠡᠭᠦᠯᠬᠦ ᠲᠣᠳᠣᠷᠬᠠᠶᠢᠯᠠᠯᠲᠠ ᠪᠠᠶᠢᠬᠤ ᠡᠰᠡᠬᠦ᠂ | ᠣᠷᠣᠭᠤᠯᠵᠤ ᠪᠣᠷᠣᠯᠠᠭᠤᠯᠤᠭᠰᠠᠨ ᠪᠠᠷᠠᠭᠠᠨ ᠤ ᠡᠬᠡ ᠲᠠᠩᠰᠠ ᠪᠠᠶᠢᠭᠤᠯᠤᠭᠰᠠᠨ ᠡᠰᠡᠬᠦ ᠳᠤ ᠴᠢᠭᠯᠡᠭᠦᠯᠦᠨ᠎ᠡ᠃ | ᠣᠳᠣ ᠪᠣᠯᠲᠠᠯ᠎ᠠ ᠨᠡᠶᠢᠲᠡ 21 ᠪᠣᠷᠣᠯᠠᠭᠤᠯᠭ᠎ᠠ ᠶᠢᠨ ᠡᠷᠦᠬᠡ ᠶᠢ ᠪᠠᠢᠴᠠᠭᠠᠵᠠᠢ᠃ ᠪᠠᠶᠢᠴᠠᠭᠠᠯᠲᠠ ᠶᠢᠨ ᠳᠤᠮᠳᠠ᠂ | ᠬᠠᠤᠯᠢ ᠬᠡᠷᠡᠭᠵᠢᠭᠦᠯᠬᠦ ᠠᠵᠢᠯᠲᠠᠨ ᠬᠡᠰᠡᠭ ᠬᠤᠳᠠᠯᠳᠤᠭᠠᠴᠢᠨ ᠤ ᠪᠣᠷᠣᠯᠠᠭᠤᠯᠵᠤ ᠪᠠᠶᠢᠬᠤ ᠲᠠᠷᠢᠯᠭ᠎ᠠ ᠶᠢᠨ ᠵᠡᠭᠦᠦ ᠲᠠᠢ | ᠨᠡᠷ᠎ᠡ ᠨᠢ《 ᠪᠤᠳᠤ ᠶᠢ ᠰᠢᠬᠠᠵᠤ ᠴᠢᠮᠬᠢᠬᠦᠨ ᠨᠠᠭᠠᠳᠴᠤ ᠴᠡᠩᠬᠡᠬᠦ 》ᠨᠠᠭᠠᠳᠤᠮ ᠤᠨ ᠵᠦᠢᠯ ᠨᠡᠯᠢᠶᠡᠳ ᠶᠡᠭᠡ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠭᠡᠳ᠂ ᠲᠤᠬᠠᠶ ᠶᠢᠨ ᠲᠠᠯᠠᠪᠠᠶ ᠳᠤ | ᠬᠤᠳᠠᠯᠳᠤᠭᠠᠴᠢᠨ ᠢ ᠵᠠᠷᠯᠢᠭᠳᠠᠵᠤ ᠪᠠᠶᠢᠭᠠᠳ ᠪᠤᠷᠤᠯᠠᠭᠤᠯᠬᠤ ᠶᠢ ᠨᠢ ᠵᠣᠭᠰᠣᠭᠠᠬᠤ ᠶᠢᠨ ᠬᠠᠮᠲᠤ ᠬᠤᠯᠪᠤᠭᠳᠠᠯ | ᠪᠥᠬᠦᠶ ᠦᠢᠯᠡᠳᠬᠦᠨ ᠢ ᠵᠠᠬ᠎ᠠ ᠳᠡᠯᠭᠡᠭᠦᠷ ᠠᠴᠠ ᠭᠠᠷᠭᠠᠬᠤ ᠶᠢ ᠬᠢᠵᠠᠭᠠᠷᠯᠠᠵᠤ᠂ ᠬᠤᠳᠠᠯᠳᠤᠭᠠᠨ ᠤ ᠳᠡᠯᠭᠡᠭᠦᠷ ᠤᠨ | ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠲᠣᠭᠯᠠᠭᠠᠮ ᠤᠨ ᠵᠦᠢᠯ ᠢ ᠪᠤᠷᠤᠯᠠᠭᠤᠯᠤᠯᠲᠠ ᠳᠤ ᠬᠠᠤᠯᠢ ᠶᠣᠰᠣᠭᠠᠷ | ᠦᠷᠭᠦᠯᠵᠢᠯᠡᠨ ᠮᠦᠷᠳᠡᠨ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠥᠬᠦᠶ ᠰᠦᠪᠡᠭᠴᠢ ᠶᠢ ᠲᠣᠭᠯᠠᠭᠠᠮ | ᠦᠢᠯᠡᠳᠪᠦᠷᠢᠯᠡᠬᠦ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠭᠡᠵᠦ | ᠬᠢᠨᠠᠨ ᠪᠠᠶᠢᠴᠠᠭᠠᠯᠭᠠᠵᠤ ᠰᠢᠢᠳᠪᠦᠷᠢᠯᠡᠭᠦᠯᠦᠨ᠎ᠡ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠡᠦᠬᠡᠳ ᠪᠠ ᠰᠤᠷᠤᠭᠴᠢᠳ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠷᠭᠦᠯᠵᠢᠯᠡᠨ ᠠᠩᠬᠠᠷᠴᠤ᠂ | ᠬᠡᠦᠬᠡᠳ ᠪᠠ ᠰᠤᠷᠤᠭᠴᠢᠳ ᠤᠨ ᠬᠡᠷᠡᠭᠰᠡᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠢ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠰᠢᠳᠬᠡᠨ ᠲᠣᠷᠭᠠᠵᠤ᠂ ᠬᠡᠦᠬᠡᠳ ᠤᠨ ᠲᠣᠭᠯᠠᠭᠠᠮ ᠤᠨ ᠵᠦᠢᠯ ᠤᠨ ᠵᠠᠬ᠎ᠠ | ᠳᠡᠯᠭᠡᠭᠦᠷ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ | | | | | | | | | | |