ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ《 ᠬᠤᠶᠠᠷ ᠢ ᠤᠷᠢᠵᠤ ᠬᠤᠶᠠᠷ ᠢ ᠣᠷᠣᠭᠤᠯᠤᠨ | ᠨᠢᠭᠡ ᠶᠢ ᠰᠢᠯᠢᠳᠡᠭᠵᠢᠭᠦᠯᠬᠦ 》ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠡᠳ᠋ ᠤᠨ ᠵᠠᠰᠠᠭ ᠤᠨ | ᠡᠭᠦᠷᠭᠡ ᠴᠢᠳᠠᠪᠬᠢ ᠳᠤ ᠰᠠᠭᠤᠷᠢᠯᠠᠨ᠂ ᠢᠳᠡᠪᠬᠢᠲᠡᠶ ᠠᠵᠢᠯᠯᠠᠵᠤ᠂ ᠪᠠᠯᠠ ᠮᠥᠩᠭᠦ ᠶᠢᠨ ᠳᠡᠮᠵᠢᠯᠭᠡ ᠪᠠᠷ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠴᠢᠳᠠᠪᠤᠷᠢᠲᠠᠨ ᠣᠷᠣᠭᠤᠯᠤᠨ ᠠᠪᠴᠢᠷᠠᠬᠤ ᠳᠤ ᠬᠦᠴᠦᠷᠬᠡᠭ ᠶᠡᠭᠡ | ᠬᠥᠳᠡᠯᠭᠡᠬᠦ ᠬᠦᠴᠦ ᠨᠡᠮᠡᠷᠢᠯᠡᠪᠡ᠃ | ᠲᠤᠰᠬᠠᠶ ᠵᠦᠢᠯ ᠤᠨ ᠪᠡᠯᠡ ᠮᠥᠩᠭᠦ ᠬᠦᠴᠦᠨ ᠣᠯᠭᠤᠵᠤ᠂ ᠠᠷᠠᠯᠵᠢᠶᠠᠴᠢᠨ ᠤᠷᠢᠬᠤ ᠵᠠᠮ ᠳᠠᠷᠪᠠᠭᠤᠯ ᠬᠡᠶᠢᠰᠬᠡᠨ | ᠤᠷᠤᠭᠰᠢᠯᠠᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠥᠨᠳᠥᠷ ᠪᠦᠲᠦᠮᠵᠢᠲᠡᠢ ᠥᠷᠨᠢᠭᠦᠯᠬᠦ ᠶᠢ | ᠠᠬᠢᠭᠤᠯᠬᠤ ᠶᠢᠨ ᠲᠥᠯᠥᠭᠡ᠂ ᠬᠤᠳᠠᠯᠳᠤᠭ᠎ᠠ ᠡᠷᠬᠢᠯᠡᠬᠦ ᠣᠷᠴᠢᠨ ᠢ ᠰᠢᠯᠢᠳᠡᠭᠵᠢᠭᠦᠯᠬᠦ ᠶᠢᠨ ᠲᠥᠯᠥᠭᠡ᠂ | ᠠᠷᠠᠯᠵᠢᠶᠠᠴᠢᠨ ᠤᠷᠢᠵᠤ ᠪᠡᠯᠡ ᠲᠠᠲᠠᠬᠤ ᠲᠤᠰᠬᠠᠢ ᠲᠥᠷᠥᠯ ᠤᠨ ᠨᠥᠬᠦᠪᠥᠷᠢ ᠮᠥᠩᠭᠦ ᠶᠢ 80 ᠲᠦᠮᠡᠨ ᠲᠥᠭᠦᠷᠢᠭ | ᠪᠠᠭᠤᠯᠭᠠᠪᠠ᠃ ᠪᠡᠯᠡ ᠮᠥᠩᠭᠦ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠳᠤ ᠬᠤᠪᠢᠶᠠᠷᠢᠯᠠᠨ ᠥᠭᠴᠦ᠂ | ᠠᠷᠠᠯᠵᠢᠶᠠᠴᠢᠨ ᠤᠷᠢᠬᠤ ᠠᠵᠢᠯ ᠤᠨ ᠤᠷᠤᠭᠰᠢᠲᠠᠢ ᠠᠬᠢᠬᠤ ᠳᠤ ᠪᠦᠬᠦ ᠲᠠᠯ᠎ᠠ ᠪᠠᠷ ᠬᠦᠴᠦ ᠨᠡᠮᠡᠷᠢᠯᠡᠵᠦ᠂ ᠰᠢᠯᠢᠳᠡᠭ | ᠠᠵᠤ ᠠᠬᠤᠶᠢᠯᠠᠯ ᠢ ᠲᠡᠳᠡᠨ ᠣᠷᠣᠭᠤᠯᠵᠤ᠂ ᠡᠳ᠋ ᠤᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠨ᠂ | ᠮᠠᠨ ᠤ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠠᠵᠤ | ᠦᠢᠯᠡᠰ ᠤᠨ ᠳᠡᠰ ᠳᠡᠪᠰᠢᠬᠦ ᠳᠤ ᠰᠢᠨ᠎ᠡ ᠬᠥᠳᠡᠯᠭᠡᠬᠦ ᠬᠦᠴᠦ ᠨᠡᠮᠡᠷᠢᠯᠡᠨ᠎ᠡ᠃ | ᠴᠢᠳᠠᠪᠤᠷᠢᠲᠠᠨ ᠤ ᠵᠠᠷᠤᠳᠠᠯ ᠢᠶᠠᠷ ᠬᠦᠴᠦ ᠨᠡᠮᠡᠷᠢᠯᠡᠵᠦ᠂ ᠤᠶᠤᠨ ᠬᠤᠷᠠᠮᠳᠤᠭᠤᠯᠵᠤ ᠵᠢᠤ ᠶᠤᠸᠠᠨ ᠤ ᠠᠶᠠᠯᠠᠯ ᠢ | ᠡᠬᠢᠯᠡᠭᠦᠯᠦᠨ᠎ᠡ᠃ ᠴᠢᠳᠠᠪᠤᠷᠢᠲᠠᠨ ᠤ ᠠᠵᠢᠯ ᠢ ᠢᠳᠡᠪᠬᠢᠲᠡᠶ ᠳᠡᠮᠵᠢᠵᠦ᠂ 2025 ᠣᠨ ᠳᠤ 50 ᠲᠦᠮᠡᠨ | ᠲᠥᠭᠦᠷᠢᠭ ᠤᠨ ᠴᠢᠳᠠᠪᠤᠷᠢᠲᠠᠨ ᠤ ᠠᠵᠢᠯ ᠤᠨ ᠵᠠᠷᠤᠳᠠᠯ ᠢ ᠲᠤᠬᠢᠷᠠᠭᠤᠯᠤᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠬᠥᠮᠦᠵᠢᠭᠦᠯᠬᠦ ᠪᠠ ᠤᠷᠮᠠᠰᠢᠭᠤᠯᠬᠤ᠂ ᠳᠡᠭᠡᠳᠦ ᠲᠠᠰ ᠤᠨ ᠴᠢᠳᠠᠪᠤᠷᠢᠲᠠᠨ ᠢ ᠲᠠᠲᠠᠨ ᠴᠤᠭᠯᠠᠭᠤᠯᠬᠤ | ᠳᠤ ᠬᠡᠷᠡᠭᠯᠡᠵᠦ᠂ ᠴᠢᠳᠠᠪᠤᠷᠢᠲᠠᠨ ᠳᠤ ᠰᠠᠶᠢᠨ ᠰᠠᠶᠢᠬᠠᠨ ᠬᠥᠭᠵᠢᠯᠲᠡ ᠶᠢᠨ ᠲᠠᠪᠴᠠᠩ ᠪᠠ ᠠᠮᠢᠳᠤᠷᠠᠯ ᠤᠨ ᠪᠠᠲᠤᠯᠠᠭ᠎ᠠ | ᠬᠠᠩᠭᠠᠵᠤ᠂ ᠮᠠᠨ ᠤ ᠲᠤᠭᠤᠷᠢᠭ ᠤᠨ ᠬᠥᠭᠵᠢᠯᠲᠡ ᠳᠤ ᠪᠠᠲᠤ ᠪᠠᠬᠢ ᠣᠶᠤᠨ ᠤ ᠲᠤᠯᠭᠠᠭᠤᠷᠢᠯᠠᠯ ᠬᠠᠩᠭᠠᠨ᠎ᠠ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠴᠢᠳᠠᠪᠬᠢ ᠶᠢᠨ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠠᠯᠠ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠪᠠᠨ | ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠰᠢᠯᠢᠳᠡᠭᠵᠢᠭᠦᠯᠵᠦ᠂ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠪᠠᠷ ᠠᠵᠤ ᠦᠢᠯᠡᠰ ᠤᠨ ᠡᠬᠢ ᠪᠠᠶᠠᠯᠢᠭ ᠢ ᠬᠤᠷᠠᠮᠳᠤᠭᠤᠯᠵᠤ᠂ ᠴᠢᠳᠠᠪᠤᠷᠢᠲᠠᠨ ᠤ | ᠪᠠᠶᠢᠭᠤᠯᠤᠯᠲᠠ ᠪᠠᠷ ᠬᠥᠭᠵᠢᠯᠲᠡ ᠶᠢᠨ ᠴᠥᠮ᠎ᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠠᠯᠠ ᠮᠥᠩᠭᠦ | ᠨᠢᠭᠡᠪᠦᠷᠢ ᠶᠢ ᠴᠥᠮ ᠬᠥᠭᠵᠢᠯᠲᠡ ᠶᠢᠨ ᠣᠴᠢ ᠪᠣᠯᠭᠠᠵᠤ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠪᠠᠲᠤ ᠰᠠᠭᠤᠷᠢ ᠲᠠᠯᠪᠢᠵᠤ᠂ ᠠᠵᠤ ᠠᠬᠤᠶ ᠴᠡᠴᠡᠭᠯᠡᠨ ᠬᠥᠭᠵᠢᠵᠦ᠂ ᠴᠢᠳᠠᠪᠤᠷᠢᠲᠠᠨ | ᠬᠥᠭᠵᠢᠨ ᠮᠠᠨᠳᠤᠬᠤ ᠦᠵᠡᠰᠬᠦᠯᠡᠩᠲᠦ ᠰᠠᠶᠢᠬᠠᠨ ᠵᠢᠷᠤᠭ ᠲᠥᠰᠦᠪ ᠢ ᠵᠢᠷᠤᠭᠯᠠᠬᠤ ᠪᠣᠯᠤᠨ᠎ᠠ᠃ | | | | | | | | |