5 ᠰᠠᠷ᠎ᠠ ᠶᠢᠨ 26 ᠤ ᠡᠳᠦᠷ᠂ ᠪᠥᠬᠦ ᠤᠯᠤᠰ ᠤᠨ ᠵᠠᠮ ᠢᠶᠠᠨ ᠬᠠᠶᠢᠷᠠᠯᠠᠵᠤ ᠬᠠᠮᠠᠭᠠᠯᠠᠬᠤ ᠤᠬᠠᠭᠤᠯᠭ᠎ᠠ | ᠬᠥᠮᠦᠵᠢᠯ ᠤᠨ ᠡᠳᠦᠷ ᠤᠨ ᠡᠨᠡ ᠬᠦ ᠣᠨᠴᠠᠭᠠᠶ ᠵᠠᠩᠭᠢᠯᠠᠭ᠎ᠠ ᠶᠢᠨ ᠴᠡᠭ ᠲᠤ᠂ ᠲᠡᠮᠦᠷ ᠵᠠᠮ ᠤᠨ ᠠᠮᠤᠷ ᠲᠦᠪᠰᠢᠨ ᠤ | ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠣᠯᠠᠨ ᠠᠷᠠᠳ ᠲᠦᠮᠡᠨ ᠤ ᠵᠠᠮ ᠮᠡᠳᠡᠬᠦ᠂ ᠵᠠᠮ ᠢᠶᠠᠨ ᠬᠠᠶᠢᠷᠠᠯᠠᠬᠤ᠂ ᠵᠠᠮ | ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠥᠯᠥᠭᠡ᠂ ᠪᠤᠭᠤᠲᠤ ᠬᠤᠲᠠ ᠶᠢᠨ ᠨᠠᠮ ᠤᠨ | ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠪᠤᠭᠤᠲᠤ ᠬᠤᠲᠠ ᠶᠢᠨ ᠵᠠᠮ ᠬᠠᠮᠠᠭᠠᠯᠠᠬᠤ ᠠᠯᠪᠠᠨ | ᠬᠡᠷ ᠠᠴᠠ ᠭᠤᠤᠯᠯᠠᠨ ᠡᠷᠭᠢᠯᠡᠵᠦ᠂ ᠴᠠᠩ ᠬᠠᠨ ᠲᠣᠰᠬᠤᠨ ᠤ ᠠᠷᠠᠳ ᠤᠨ ᠵᠥᠪᠯᠡᠯ ᠠᠴᠠ ᠬᠠᠮᠵᠢᠯᠴᠠᠨ | ᠡᠷᠭᠢᠯᠡᠭᠰᠡᠨ《 5·26 ᠪᠢ ᠵᠠᠮ ᠢᠶᠠᠨ ᠬᠠᠶᠢᠷᠠᠯᠠᠬᠤ 》ᠭᠡᠬᠦ ᠭᠤᠤᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠬᠤᠷᠢᠨᠭᠡᠷ ᠪᠠᠯᠭᠠᠰᠤᠨ ᠤ ᠴᠠᠩ ᠬᠠᠨ ᠲᠣᠰᠬᠤᠨ ᠤ ᠵᠥᠪᠯᠡᠯ ᠤᠨ ᠲᠥᠪ ᠲᠠᠯᠠᠪᠠᠶ ᠳᠤ ᠦᠪᠡᠳᠡᠭᠰᠢ | ᠶᠡᠭᠡ ᠪᠠᠷ ᠡᠬᠢᠯᠡᠵᠦ᠂ ᠪᠤᠭᠤᠲᠤ ᠬᠤᠲᠠ ᠶᠢᠨ ᠵᠠᠮ ᠬᠠᠮᠠᠭᠠᠯᠠᠬᠤ ᠠᠯᠪᠠᠨ ᠬᠡᠷ ᠤᠨ ᠡᠷᠬᠢᠯᠡᠭᠴᠢ ᠵᠠᠩ ᠴᠢᠶᠠᠩ᠂ ᠵᠢᠤ | ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ | ᠴᠧᠨ ᡁᠢ ᠴᠢᠶᠠᠩ ᠲᠣᠰ ᠠᠵᠢᠯᠯᠠᠭ᠎ᠠ ᠳᠤ ᠣᠷᠣᠯᠴᠠᠪᠠ᠃ | | | | ᠲᠣᠰ ᠤᠳᠠᠭᠠᠨ ᠤ ᠠᠵᠢᠯᠯᠠᠭ᠎ᠠ ᠨᠢ《 ᠠᠷᠠᠳ ᠤᠨ ᠲᠡᠮᠦᠷ ᠵᠠᠮ ᠠᠷᠠᠳ ᠲᠦᠮᠡᠨ ᠤ ᠲᠥᠯᠥᠭᠡ᠂ ᠠᠷᠠᠳ ᠤᠨ | ᠲᠡᠮᠦᠷ ᠵᠠᠮ ᠢ ᠠᠷᠠᠳ ᠲᠦᠮᠡᠨ ᠬᠠᠮᠠᠭᠠᠯᠠᠨ᠎ᠠ 》ᠭᠡᠬᠦ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂《 | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ 》《 ᠥᠪᠥᠷ ᠮᠣᠩᠭᠤᠯ ᠢᠶᠠᠨ ᠮᠠᠭᠲᠠᠨ ᠳᠠᠭᠤᠯᠠᠶ᠎ᠠ 》ᠵᠡᠷᠭᠡ | ᠭᠤᠶᠢᠳᠠ ᠰᠠᠶᠢᠬᠠᠨ ᠪᠥᠵᠢᠭ ᠢᠶᠠᠷ ᠡᠬᠢᠯᠡᠵᠦ᠂ ᠤᠷᠠᠨ ᠰᠠᠶᠢᠬᠠᠨ ᠲᠣᠭᠯᠠᠯᠲᠠ ᠶᠢᠨ ᠳᠠᠷᠠᠭ᠎ᠠ᠂ ᠪᠤᠭᠤᠲᠤ ᠶᠢᠨ | ᠪᠠᠷᠠᠭᠤᠨ ᠬᠡᠰᠡᠭ ᠤᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠾᠧᠦ ᠸᠧᠨ ᠵᠢᠩ | ᠴᠠᠭᠳᠠᠭ᠎ᠠ ᠲᠠᠶᠢᠰᠠᠨ ᠤ ᠡᠮᠦᠨ᠎ᠡ ᠭᠠᠷᠴᠤ᠂ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠠᠮ ᠢᠶᠠᠨ | ᠬᠠᠶᠢᠷᠠᠯᠠᠨ ᠬᠠᠮᠠᠭᠠᠯᠠᠬᠤ ᠮᠡᠳᠡᠯᠭᠡ ᠪᠣᠯᠤᠨ ᠲᠡᠮᠦᠷ ᠵᠠᠮ ᠤᠨ ᠠᠮᠤᠷ ᠲᠦᠪᠰᠢᠨ ᠤ ᠬᠠᠤᠯᠢ ᠲᠣᠭᠲᠠᠭᠠᠯ ᠢ ᠭᠦᠨᠵᠡᠭᠡᠶ | ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠣᠯᠠᠨ ᠲᠦᠮᠡᠨ ᠳᠤ ᠲᠡᠮᠦᠷ ᠵᠠᠮ ᠤᠨ ᠠᠮᠤᠷ ᠲᠦᠪᠰᠢᠨ ᠤ ᠴᠢᠬᠤᠯᠠ | ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠪᠠ᠃ ᠳᠤᠷᠠᠳᠤᠭᠤᠰᠢᠲᠠᠶ ᠨᠢ᠂《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠶᠢᠷᠠᠯᠠᠨ ᠵᠠᠮ ᠬᠠᠮᠠᠭᠠᠯᠠᠬᠤ ᠵᠢᠱᠢᠶᠡᠴᠢ ᠰᠤᠷᠭᠠᠭᠤᠯᠢ 》ᠪᠣᠯᠤᠭᠰᠠᠨ ᠤ | ᠬᠤᠪᠢ ᠳᠤ᠂ ᠬᠤᠷᠢᠨᠭᠡᠷ ᠭᠤᠤᠯ ᠰᠤᠷᠭᠠᠭᠤᠯᠢ ᠶᠢᠨ ᠰᠤᠷᠤᠭᠴᠢᠳ ᠤᠨ ᠥᠷᠨᠢᠭᠦᠯᠦᠭᠰᠡᠨ《 5.26 ᠪᠢ ᠵᠠᠮ ᠢᠶᠠᠨ | ᠬᠠᠶᠢᠷᠠᠯᠠᠬᠤ 》ᠭᠠᠷ ᠪᠢᠴᠢᠮᠡᠯ ᠰᠣᠨᠢᠨ ᠤ ᠤᠷᠤᠯᠳᠤᠭᠠᠨ ᠤ ᠰᠢᠯᠢᠳᠡᠭ ᠪᠦᠲᠦᠭᠡᠯ ᠢ ᠴᠦ ᠲᠤᠬᠠᠶ ᠶᠢᠨ ᠲᠠᠯᠠᠪᠠᠶ ᠳᠤ | ᠳᠡᠯᠭᠡᠨ ᠦᠵᠡᠭᠦᠯᠵᠦ᠂ ᠬᠡᠦᠬᠡᠳ ᠤᠳ ᠥᠩᠭᠡ ᠢᠯᠭᠠᠷᠠᠭᠰᠠᠨ ᠵᠢᠷᠤᠭ ᠢᠶᠠᠷ ᠲᠡᠮᠦᠷ ᠵᠠᠮ ᠤᠨ ᠠᠮᠤᠷ ᠲᠦᠪᠰᠢᠨ ᠤ | ᠲᠤᠬᠠᠶ ᠥᠪᠡᠷᠮᠢᠴᠡ ᠣᠶᠢᠯᠠᠭᠠᠯᠲᠠ ᠶᠢ ᠵᠢᠷᠤᠭᠯᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠨ ᠢᠯᠡᠷᠡᠭᠦᠯᠦᠭᠰᠡᠨ | ᠪᠠᠶᠢᠨ᠎ᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠣᠨᠴᠠᠭᠠᠶ ᠠᠮᠤᠷ ᠲᠦᠪᠰᠢᠨ ᠤ ᠮᠡᠳᠡᠯᠭᠡ ᠪᠡᠯᠡᠭ ᠤᠨ ᠡᠳ᠋ | ᠪᠡᠯᠡᠭᠯᠡᠨ ᠬᠦᠷᠭᠡᠬᠦ ᠬᠠᠷᠢᠯᠴᠠᠨ ᠦᠢᠯᠡᠳᠦᠯᠴᠡᠬᠦ ᠭᠤᠭᠴᠤᠭ᠎ᠠ ᠭᠠᠷᠭᠠᠵᠤ᠂ ᠠᠵᠢᠯᠲᠠᠳ ᠠᠴᠠ ᠣᠯᠠᠨ ᠲᠦᠮᠡᠨ ᠳᠤ《 | 5.26 ᠪᠢ ᠵᠠᠮ ᠢᠶᠠᠨ ᠬᠠᠶᠢᠷᠠᠯᠠᠬᠤ 》ᠲᠡᠮᠳᠡᠭ ᠳᠠᠷᠤᠮᠠᠯᠯᠠᠭᠰᠠᠨ ᠵᠢᠴᠢ ᠲᠡᠮᠦᠷ ᠵᠠᠮ ᠤᠨ ᠠᠮᠤᠷ ᠲᠦᠪᠰᠢᠨ ᠤ | ᠮᠡᠳᠡᠯᠭᠡ ᠶᠢᠨ ᠤᠬᠠᠭᠤᠯᠭ᠎ᠠ ᠶᠢᠨ ᠡᠳ᠋ ᠪᠠ ᠮᠠᠲ᠋ᠧᠷᠢᠶᠠᠯ ᠲᠠᠷᠬᠠᠭᠠᠨ ᠥᠭᠭᠦᠭᠰᠡᠨ ᠪᠥᠭᠡᠳ ᠲᠣᠰᠬᠤᠨ ᠤ ᠠᠷᠠᠳ ᠲᠤ | ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠲᠠᠶᠢᠯᠤᠮᠵᠢ ᠬᠢᠵᠦ᠂《 ᠶᠠᠭᠤ ᠶᠢ ᠭᠠᠵᠢᠭᠤ ᠨᠣᠮᠯᠠᠯ᠂ ᠭᠠᠵᠢᠭᠤ | ᠨᠣᠮᠯᠠᠯ ᠤᠨ ᠲᠥᠷᠥᠯ ᠵᠦᠢᠯ᠂ ᠭᠠᠵᠢᠭᠤ ᠨᠣᠮᠯᠠᠯ ᠤᠨ ᠬᠤᠤᠷ ᠬᠥᠨᠥᠭᠡᠯ᠂ ᠭᠠᠵᠢᠭᠤ ᠨᠣᠮᠯᠠᠯ ᠢ ᠡᠰᠡᠷᠭᠦᠴᠡᠬᠦ ᠲᠠᠢ | ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠭᠠᠵᠢᠭᠤ ᠨᠣᠮᠯᠠᠯ ᠢ ᠬᠡᠷᠬᠢᠨ ᠡᠰᠡᠷᠭᠦᠴᠡᠨ | ᠬᠤᠷᠢᠭᠯᠠᠬᠤ》ᠵᠡᠷᠭᠡ ᠲᠠᠪᠤᠨ ᠲᠠᠯ᠎ᠠ ᠪᠠᠷ ᠲᠣᠰᠬᠤᠨ ᠤ ᠠᠷᠠᠳ ᠲᠤ ᠭᠦᠨᠵᠡᠭᠡᠶ ᠪᠥᠭᠡᠳ ᠨᠠᠷᠢᠨ ᠨᠢᠮᠪᠠᠶ | ᠲᠣᠳᠣᠷᠬᠠᠶᠢᠯᠠᠨ ᠥᠭᠦᠯᠡᠵᠦ᠂ ᠥᠷᠭᠡᠨ ᠣᠯᠠᠨ ᠲᠣᠰᠬᠤᠨ ᠤ ᠠᠷᠠᠳ ᠢ ᠭᠠᠵᠢᠭᠤ ᠨᠣᠮᠯᠠᠯ ᠠᠴᠠ ᠬᠤᠯᠠ ᠪᠠᠶᠢᠯᠭᠠᠵᠤ᠂ | ᠰᠢᠨᠵᠢᠯᠡᠬᠦ ᠤᠬᠠᠭᠠᠨ ᠤ ᠮᠡᠳᠡᠯᠭᠡ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠴᠢ ᠠᠷᠭ᠎ᠠ ᠪᠠᠷ | ᠮᠠᠨ ᠤ ᠠᠮᠢᠳᠤᠷᠠᠯ ᠢᠶᠠᠨ ᠵᠢᠯᠣᠭᠤᠳᠴᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠶ᠎ᠠ ᠭᠡᠵᠦ | ᠰᠤᠷᠭᠠᠵᠠᠶ᠃ ᠲᠣᠰ ᠤᠳᠠᠭᠠᠨ ᠤ ᠠᠵᠢᠯᠯᠠᠭ᠎ᠠ ᠨᠢ ᠨᠡᠶᠢᠲᠡ 170 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠣᠯᠠᠨ ᠲᠦᠮᠡᠨ ᠤ 100 ᠭᠠᠷᠤᠶ ᠤᠳᠠᠭ᠎ᠠ ᠶᠢᠨ ᠯᠠᠪᠯᠠᠭ᠎ᠠ ᠶᠢ ᠭᠥᠯᠢᠶᠡᠨ ᠠᠪᠴᠤ᠂ ᠣᠯᠠᠨ | ᠲᠦᠮᠡᠨ ᠤ ᠬᠠᠮᠲᠤ ᠪᠠᠷ ᠠᠩᠬᠠᠷᠴᠤ᠂ ᠲᠡᠮᠦᠷ ᠵᠠᠮ ᠤᠨ ᠬᠠᠮᠠᠭᠠᠯᠠᠯᠲᠠ ᠳᠤ ᠬᠠᠮᠲᠤ ᠪᠠᠷ ᠣᠷᠣᠯᠴᠠᠬᠤ ᠢᠳᠡᠪᠬᠢᠵᠢᠯ ᠢ | ᠤᠯᠠᠮ ᠨᠢᠭᠡ ᠠᠯᠬᠤᠮ ᠳᠠᠶᠢᠴᠢᠯᠠᠵᠤ᠂ ᠵᠠᠮ ᠮᠡᠳᠡᠬᠦ᠂ ᠵᠠᠮ ᠢᠶᠠᠨ ᠬᠠᠶᠢᠷᠠᠯᠠᠬᠤ᠂ ᠵᠠᠮ ᠢᠶᠠᠨ ᠬᠠᠮᠠᠭᠠᠯᠠᠬᠤ ᠭᠦᠨ | ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠪᠠ᠃ | ᠲᠤᠰ ᠤᠳᠠᠭ᠎ᠠ ᠶᠢᠨ ᠠᠵᠢᠯᠯᠠᠭ᠎ᠠ ᠨᠢ ᠰᠢᠨ᠎ᠡ ᠡᠭᠦᠳᠦᠯᠲᠡ ᠪᠠᠷ ᠤᠷᠠᠨ ᠲᠣᠭᠯᠠᠯᠲᠠ ᠪᠣᠯᠤᠨ ᠮᠡᠳᠡᠯᠭᠡ ᠶᠢᠨ | ᠤᠬᠠᠭᠤᠯᠭ᠎ᠠ ᠶᠢ ᠣᠷᠭᠠᠨᠢᠭ ᠢᠶᠠᠷ ᠠᠭᠤᠰᠤᠯᠴᠠᠭᠤᠯᠵᠤ᠂ ᠤᠯᠠᠨ ᠲᠦᠮᠡᠨ ᠳᠤ ᠦᠵᠡᠵᠦ ᠰᠣᠨᠣᠰᠬᠤ ᠦᠪᠡᠳᠡᠭᠰᠢ | ᠳᠠᠶᠢᠯᠠᠯᠭ᠎ᠠ ᠶᠢ ᠠᠪᠴᠢᠷᠠᠭᠰᠠᠨ ᠢᠶᠠᠷ ᠪᠠᠷᠠᠬᠤ ᠦᠬᠡᠢ᠂ ᠨᠡᠩ ᠴᠤ ᠤᠯᠠᠨ ᠲᠦᠮᠡᠨ ᠤ ᠵᠠᠮ ᠢᠶᠠᠨ ᠬᠠᠶᠢᠷᠠᠯᠠᠬᠤ | ᠵᠠᠮ ᠢᠶᠠᠨ ᠬᠠᠮᠠᠭᠠᠯᠠᠬᠤ ᠤᠬᠠᠮᠰᠠᠷ ᠢ ᠶᠡᠬᠡᠪᠡᠷ ᠳᠡᠭᠡᠭᠰᠢᠯᠡᠭᠦᠯᠵᠦ᠂ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠪᠤᠭᠤᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ | ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠵᠤ ᠥᠭᠴᠡᠢ᠃ | | | | | | | | |