ᠲᠤᠭᠤᠷᠢᠭ ᠤᠨ ᠮᠠᠯ ᠠᠵᠤ ᠠᠬᠤᠢ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠬᠤᠶᠠᠷᠬᠤᠳᠳᠤᠭ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/5/30
    ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠮᠠᠨ ᠤ ᠪᠠᠯᠭᠠᠰᠤᠨ ᠤ ᠬᠡᠪᠲᠡᠭᠡ ᠬᠡᠯᠪᠡᠷᠢ ᠶᠢᠨ ᠲᠡᠵᠢᠭᠡᠯ ᠪᠣᠷᠳᠤᠭ᠎ᠠ ᠶᠢ ᠬᠡᠮᠬᠡᠯᠦᠨ ᠵᠢᠭᠤᠷᠠᠬᠤ ᠮᠠᠰᠢᠨ ᠢ ᠬᠡᠷᠡᠭᠯᠡᠵᠦ ᠪᠠᠶᠢᠭ᠎ᠠ ᠣᠳᠣᠬᠢ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ ᠣᠶᠢᠷ᠎ᠠ ᠳᠤ᠂ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠳ ᠲᠤᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠲᠤ ᠪᠠᠷ᠎ᠠ ᠪᠣᠯᠵᠣ ᠮᠠᠨ ᠤ ᠪᠠᠯᠭᠠᠰᠤᠨ ᠤ ᠮᠠᠯ ᠠᠵᠤ ᠠᠬᠤᠶ ᠳᠤ ᠬᠤᠯᠪᠣᠭᠳᠠᠬᠤ ᠦᠢᠯᠡᠳᠪᠦᠷᠢᠯᠡᠯ ᠤᠨ ᠨᠢᠭᠡᠴᠢ ᠳᠤ ᠬᠦᠷᠴᠦ ᠦᠢᠯᠡᠳᠪᠦᠷᠢᠯᠡᠯ ᠤᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃
11.jpg
    ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠠᠶ ᠠᠴᠠ ᠯᠠᠪᠯᠠᠨ ᠠᠰᠠᠭᠤᠬᠤ ᠬᠡᠯᠪᠡᠷᠢ ᠪᠠᠷ ᠦᠢᠯᠡᠳᠪᠦᠷᠢᠯᠡᠭᠴᠢᠳ ᠠᠴᠠ ᠬᠡᠪᠲᠡᠭᠡ ᠬᠡᠯᠪᠡᠷᠢ ᠶᠢᠨ ᠲᠡᠵᠢᠭᠡᠯ ᠪᠣᠷᠳᠤᠭ᠎ᠠ ᠶᠢ ᠬᠡᠮᠬᠡᠯᠦᠨ ᠵᠢᠭᠤᠷᠠᠬᠤ ᠮᠠᠰᠢᠨ ᠳᠣᠭᠢᠷᠠᠭᠤᠯᠤᠭᠰᠠᠨ ᠡᠰᠡᠬᠦ ᠶᠢ ᠣᠶᠢᠯᠠᠭᠠᠬᠤ ᠶᠢᠨ ᠬᠠᠮᠲᠤ ᠲᠥᠬᠦᠭᠡᠷᠦᠮᠵᠢ ᠶᠢᠨ ᠨᠠᠷᠠᠲᠤ ᠲᠡᠮᠳᠡᠭ᠂ ᠬᠡᠯᠪᠡᠷᠢ ᠮᠠᠶ᠋ᠢᠭ᠂ ᠬᠤᠳᠠᠯᠳᠤᠨ ᠠᠪᠤᠭᠰᠠᠨ ᠴᠠᠭ᠂ ᠬᠡᠷᠡᠭᠯᠡᠭᠰᠡᠨ ᠵᠢᠯ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠲᠡᠮᠳᠡᠭᠯᠡᠬᠦ ᠶᠢᠨ ᠬᠠᠮᠲᠤ ᠵᠣᠬᠢᠶᠠᠮᠠᠯ ᠠᠵᠢᠯᠯᠠᠭ᠎ᠠ᠂ ᠲᠠᠯᠠᠪᠤᠷ ᠭᠠᠵᠠᠷ ᠤᠨ ᠬᠠᠮᠠᠭᠠᠯᠠᠯᠲᠠ᠂ ᠮᠠᠰᠢᠨ ᠮᠧᠬᠠᠨᠢᠭ ᠤᠨ ᠭᠡᠮᠲᠦᠯ ᠪᠠ ᠴᠠᠬᠢᠯᠭᠠᠨ ᠲᠥᠬᠦᠭᠡᠷᠦᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠨ᠎ᠠ᠂ ᠵᠢᠱᠢᠶᠡᠯᠡᠪᠡᠯ ᠲᠥᠬᠦᠭᠡᠷᠦᠮᠵᠢ ᠶᠢᠨ  ᠰᠡᠯᠪᠢᠭ ᠲᠣᠨᠤᠭ ᠤᠨ ᠡᠯᠡᠭᠳᠡᠯ ᠤᠨ ᠬᠡᠮᠵᠢᠶ᠎ᠡ᠂ ᠴᠠᠬᠢᠯᠭᠠᠨ ᠬᠡᠯᠬᠢᠶ᠎ᠡ ᠴᠠᠬᠢᠯᠭᠠᠨ ᠤᠲᠠᠰᠤ ᠬᠠᠭᠤᠴᠢᠷᠠᠭᠰᠠᠨ᠂ ᠢᠯᠡ ᠭᠠᠷᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃ ᠣᠳᠣᠬᠠᠨ ᠳᠤ᠂ ᠪᠠᠶᠢᠴᠠᠭᠠᠯᠲᠠ ᠳᠤ ᠣᠷᠣᠰᠢᠵᠤ ᠪᠠᠶᠢᠭ᠎ᠠ ᠦᠢᠯᠡᠳᠪᠦᠷᠢᠯᠡᠯ ᠤᠨ ᠠᠮᠤᠷ ᠲᠦᠪᠰᠢᠨ ᠤ ᠳᠠᠯᠳᠠ ᠬᠡᠮ ᠲᠠᠢ ᠬᠤᠶᠠᠷ ᠬᠤᠷᠰᠢᠶ᠎ᠠ ᠳᠤ ᠦᠢᠯᠡᠳᠪᠦᠷᠢᠯᠡᠯ ᠢ ᠨᠢ ᠵᠣᠭᠰᠣᠭᠠᠬᠤ᠂ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠴᠡᠭᠴᠡᠯᠡᠨ ᠥᠭᠡᠷᠡᠴᠢᠯᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠢᠯᠡᠳᠪᠦᠷᠢᠯᠡᠯ ᠢ ᠨᠢ ᠰᠡᠷᠭᠦᠭᠡᠵᠦ ᠪᠣᠯᠤᠨ᠎ᠠ᠃    ᠦᠢᠯᠡᠳᠪᠦᠷᠢᠯᠡᠯ ᠤᠨ ᠠᠶᠦᠯᠭᠦᠢ ᠶᠢᠨ ᠪᠠᠶᠢᠴᠠᠭᠠᠯᠲᠠ ᠪᠠᠷ ᠳᠠᠮᠵᠢᠭᠤᠯᠤᠨ᠂ ᠦᠢᠯᠡᠳᠪᠦᠷᠢᠯᠡᠭᠴᠢᠳ ᠲᠤ ᠠᠶᠦᠯᠭᠦᠢ ᠶᠢᠨ ᠠᠵᠢᠯ ᠤᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠦᠢᠯᠡᠳᠪᠦᠷᠢᠯᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠲᠠᠷᠠᠭᠠᠴᠢ ᠪᠠᠷ᠂ ᠬᠤᠶᠠᠷᠬᠤᠳᠳᠤᠭ ᠪᠠᠯᠭᠠᠰᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠦᠷᠭᠦᠯᠵᠢᠯᠡᠨ ᠬᠠᠮᠵᠢᠯᠴᠠᠨ ᠠᠶᠤᠯᠭᠦᠶ ᠦᠢᠯᠡᠳᠪᠦᠷᠢᠯᠡᠯ ᠤᠨ ᠪᠠᠶᠢᠩᠭᠤ ᠶᠢᠨ ᠪᠠᠶᠢᠴᠠᠭᠠᠯᠲᠠ ᠥᠷᠨᠢᠭᠦᠯᠵᠦ᠂ ᠦᠢᠯᠡᠳᠪᠦᠷᠢᠯᠡᠯ ᠤᠨ ᠭᠤᠤᠯ ᠴᠣᠭᠴᠠ ᠶᠢᠨ ᠠᠶᠤᠯᠭᠦᠶ ᠦᠢᠯᠡᠳᠪᠦᠷᠢᠯᠡᠯ ᠢ ᠵᠢᠷᠤᠮᠵᠢᠭᠤᠯᠤᠨ ᠵᠢᠯᠣᠭᠤᠳᠴᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠨ᠂ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠮᠠᠨ ᠤ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠠᠶᠤᠯᠭᠦᠶ ᠦᠢᠯᠡᠳᠪᠦᠷᠢᠯᠡᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号