ᠪᠥᠬᠦ ᠪᠠᠲᠤ ᠶᠢᠨ 915 ᠪᠥᠬᠦ ᠭᠤᠷᠪᠠᠳᠤᠭᠠᠷ ᠱᠤᠭᠤᠮ ᠤᠨ ᠱᠤᠭᠤᠮ ᠢ ᠨᠡᠭᠦᠯᠭᠡᠨ ᠥᠭᠡᠷᠡᠴᠢᠯᠡᠬᠦ ᠠᠵᠢᠯ ᠤᠨ | ᠠᠬᠤᠶ ᠲᠠᠯᠠᠪᠠᠶ ᠳᠤ᠂ ᠪᠠᠷᠢᠯᠭ᠎ᠠ ᠶᠢᠨ ᠠᠵᠢᠯᠲᠠᠳ ᠶᠠᠭ ᠵᠠᠮ ᠱᠤᠭᠤᠮ ᠢ ᠨᠡᠭᠦᠯᠭᠡᠨ ᠥᠭᠡᠷᠡᠴᠢᠯᠡᠬᠦ ᠠᠵᠢᠯ ᠢ ᠡᠮᠬᠢ | ᠵᠢᠷᠤᠮ ᠲᠠᠢ ᠥᠷᠨᠢᠭᠦᠯᠵᠦ᠂ ᠵᠥᠩ ᠶᠤᠸᠠᠨ ᠤ ᠰᠡᠷᠭᠡᠶᠢᠯᠡᠯᠲᠡ ᠶᠢᠨ ᠶᠠᠪᠤᠳᠠᠯ ᠤᠨ ᠪᠣᠬᠢᠷᠲᠤᠯ ᠥᠬᠡᠶ ᠥᠨᠳᠥᠷ | ᠴᠢᠳᠠᠪᠬᠢᠲᠤ ᠠᠮᠢᠳᠤ ᠪᠣᠳᠠᠰ ᠤᠨ ᠰᠠᠭᠤᠷᠢ ᠰᠢᠷᠬᠡᠭᠯᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ《 | ᠵᠠᠮ ᠲᠠᠯᠪᠢᠵᠤ 》᠂ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠠᠬᠢᠭᠤᠯᠵᠤ | ᠪᠣᠶ᠃ | ᠵᠥᠩ ᠶᠤᠸᠠᠨ ᠤ ᠰᠡᠷᠭᠡᠶᠢᠯᠡᠯᠲᠡ ᠶᠢᠨ ᠶᠠᠪᠤᠳᠠᠯ ᠤᠨ ᠪᠣᠬᠢᠷᠲᠤᠯ ᠥᠬᠡᠶ ᠥᠨᠳᠥᠷ ᠴᠢᠳᠠᠪᠬᠢᠲᠤ ᠠᠮᠢᠳᠤ | ᠪᠣᠳᠠᠰ ᠤᠨ ᠰᠠᠭᠤᠷᠢ ᠰᠢᠷᠬᠡᠭᠯᠢᠭ ᠤᠨ ᠲᠥᠷᠥᠯ ᠵᠦᠢᠯ ᠪᠣᠯ ᠪᠤᠭᠤᠲᠤ ᠬᠤᠲᠠ᠂ ᠵᠢᠦ ᠶᠤᠸᠠᠨ ᠲᠣᠭᠤᠷᠢᠭ ᠤᠨ | ᠭᠤᠤᠯᠳᠠᠯᠭ᠎ᠠ ᠲᠠᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠪᠣᠯᠤᠨ᠎ᠠ᠂ ᠲᠥᠷᠥᠯ ᠵᠦᠢᠯ ᠨᠢ | ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠦᠢᠯᠡᠳᠭᠦᠨ ᠤ | ᠥᠷᠲᠡᠭ ᠨᠢ 6 ᠳ᠋ᠦᠩᠰᠢᠭᠤᠷ ᠲᠥᠭᠦᠷᠢᠭ᠂ ᠭᠠᠶᠢᠯᠢ ᠲᠠᠲᠠᠪᠤᠷᠢ ᠨᠢ 0.3 ᠳ᠋ᠦᠩᠰᠢᠭᠤᠷ ᠲᠥᠭᠦᠷᠢᠭ ᠪᠠᠶᠢᠵᠤ᠂ | ᠳᠠᠶᠢᠴᠢᠯᠠᠨ ᠠᠵᠢᠯ ᠣᠯᠭᠤᠬᠤ ᠬᠥᠮᠦᠨ ᠤ ᠲᠤᠭ᠎ᠠ ᠶᠢ 200 ᠬᠥᠮᠦᠨ ᠠᠴᠠ ᠳᠤᠤᠷ᠎ᠠ ᠪᠠᠶᠢᠯᠭᠠᠬᠤ ᠥᠬᠡᠶ᠃ | ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠠᠲᠤᠯᠠᠵᠤ᠂ ᠲᠥᠷᠦᠯ ᠵᠦᠢᠯ ᠤᠨ ᠲᠥᠯᠥᠪᠯᠡᠭᠡ | ᠶᠣᠰᠣᠭᠠᠷ ᠠᠵᠢᠯ ᠡᠬᠢᠯᠡᠬᠦ ᠶᠢ ᠪᠠᠲᠤᠯᠠᠬᠤ ᠶᠢᠨ ᠲᠥᠯᠥᠭᠡ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠪᠦᠬᠦ ᠪᠠᠲᠤ ᠶᠢᠨ 915 ᠪᠦᠬᠦ | ᠭᠤᠷᠪᠠᠳᠤᠭᠠᠷ ᠱᠤᠭᠤᠮ ᠤᠨ ᠱᠤᠭᠤᠮ ᠢ ᠨᠡᠭᠦᠯᠭᠡᠨ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠪᠡ᠃ | ᠵᠠᠮ ᠱᠤᠭᠤᠮ ᠢ ᠨᠡᠭᠦᠯᠭᠡᠨ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠤᠰᠬᠠᠶ | ᠬᠥᠮᠦᠨ ᠲᠣᠮᠢᠯᠠᠨ ᠵᠥᠩ ᠶᠤᠸᠠᠨ ᠤ ᠰᠡᠷᠭᠡᠶᠢᠯᠡᠯᠲᠡ ᠶᠢᠨ ᠶᠠᠪᠤᠳᠠᠯ ᠤᠨ ᠪᠣᠬᠢᠷᠲᠤᠯ ᠥᠬᠡᠶ ᠥᠨᠳᠥᠷ ᠴᠢᠳᠠᠪᠬᠢᠲᠤ | ᠠᠮᠢᠳᠤ ᠪᠣᠳᠠᠰ ᠤᠨ ᠰᠠᠭᠤᠷᠢ ᠰᠢᠷᠬᠡᠭᠯᠢᠭ ᠤᠨ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠬᠡᠪᠴᠢᠶᠡᠨ ᠳᠠᠬᠢ ᠵᠠᠮ | ᠱᠤᠭᠤᠮ ᠢ ᠨᠡᠭᠦᠯᠭᠡᠨ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠵᠣᠬᠢᠴᠠᠭᠤᠯᠪᠠ᠃ ᠠᠵᠤ ᠠᠬᠤᠶᠢᠯᠠᠯ ᠤᠨ ᠪᠣᠳᠠᠲᠠᠶ | ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ | ᠬᠦᠴᠦᠨ ᠤ ᠠᠵᠢᠯᠲᠠᠳ ᠲᠠᠢ ᠬᠠᠮᠲᠤ ᠵᠠᠮ ᠱᠤᠭᠤᠮ ᠤᠨ ᠲᠥᠬᠦᠭᠡᠷᠦᠮᠵᠢ ᠪᠠ ᠲᠤᠬᠠᠶ ᠶᠢᠨ ᠲᠠᠯᠠᠪᠠᠶ ᠶᠢᠨ ᠪᠠᠶᠢᠳᠠᠯ ᠢ | ᠪᠠᠶᠢᠴᠠᠭᠠᠨ ᠰᠢᠨᠵᠢᠵᠦ᠂ ᠪᠠᠷᠢᠯᠭ᠎ᠠ ᠶᠢᠨ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠲᠦᠭᠰᠢᠭᠦᠷᠢ ᠶᠢ ᠨᠠᠷᠢᠨ | ᠵᠠᠳᠠᠯᠵᠤ᠂ ᠬᠠᠮᠤᠭ ᠤᠨ ᠰᠠᠶᠢᠨ ᠨᠡᠭᠦᠯᠭᠡᠨ ᠥᠭᠡᠷᠡᠴᠢᠯᠡᠬᠦ ᠲᠥᠰᠦᠯ ᠢ ᠲᠣᠭᠲᠠᠭᠠᠨ᠂ ᠡᠯ᠎ᠡ ᠵᠦᠢᠯ ᠤᠨ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ | ᠳᠤᠤᠷ᠎ᠠ᠂ ᠵᠠᠮ ᠱᠤᠭᠤᠮ ᠢ ᠨᠡᠭᠦᠯᠭᠡᠨ ᠥᠭᠡᠷᠡᠴᠢᠯᠡᠬᠦ ᠴᠠᠭ ᠪᠠᠴᠢᠮ᠂ ᠡᠭᠦᠷᠭᠡ ᠬᠦᠨᠳᠦ ᠵᠡᠷᠭᠡ ᠬᠦᠴᠢᠷᠳᠡᠯ ᠢ ᠢᠯᠡᠨ | ᠳᠠᠪᠠᠵᠤ᠂ 5 ᠰᠠᠷ᠎ᠠ ᠶᠢᠨ 27 ᠤ ᠡᠳᠦᠷ ᠵᠠᠮ ᠱᠤᠭᠤᠮ ᠢ ᠨᠡᠭᠦᠯᠭᠡᠨ ᠥᠭᠡᠷᠡᠴᠢᠯᠡᠬᠦ ᠠᠵᠢᠯ ᠢ ᠤᠷᠤᠭᠰᠢᠲᠠᠶ | ᠪᠡᠶᠡᠯᠡᠭᠦᠯᠪᠡ᠃ | ᠲᠠᠷᠠᠭᠠᠴᠢ ᠪᠠᠷ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠨᠠᠩ ᠰᠢᠯᠢᠳᠡᠭ ᠦᠢᠯᠡᠴᠢᠯᠡᠭᠡᠨ ᠤ | ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢ《 ᠪᠠᠲᠤᠯᠠᠨ ᠬᠠᠮᠠᠭᠠᠯᠠᠵᠤ 》᠂ ᠬᠦᠷᠢᠶᠡᠯᠡᠩ | ᠲᠣᠭᠤᠷᠢᠭ ᠤᠨ ᠴᠢᠨᠠᠷ ᠰᠠᠶᠢᠲᠠᠶ᠂ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ | | | | | | |