ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠷᠢᠶᠠᠲᠤ ᠣᠷᠣᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/5/30
    ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠤᠰᠠᠳᠠ᠂ 2025 ᠣᠨ ᠤ 6 ᠰᠠᠷ᠎ᠠ ᠳᠤ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠷᠢᠶᠠᠲᠤ ᠣᠷᠣᠨ ᠤ ᠥᠪᠥᠷ ᠮᠣᠩᠭᠤᠯ ᠤᠨ ᠴᠢᠤᠸᠠᠨ ᠨᠦᠸᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠴᠢᠨ ᠶᠠᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ 2 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠬᠤᠶᠠᠳᠤᠭᠠᠷ ᠪᠦᠯᠦᠭ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢᠨ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
11.jpg
    ᠲᠣᠰ ᠤᠳᠠᠭᠠᠨ ᠤ ᠪᠠᠶᠢᠴᠠᠭᠠᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠡᠷᠡᠭ ᠤᠨ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠢᠴᠢ ᠲᠤᠬᠠᠶ ᠶᠢᠨ ᠲᠠᠯᠠᠪᠠᠶ ᠳᠤ ᠶᠠᠷᠢᠯᠴᠠᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠪᠠᠶᠢᠭᠤᠯᠤᠯᠲᠠ ᠶᠢᠨ ᠠᠵᠢᠯ᠂ ᠲᠤᠬᠠᠶᠢᠯᠠᠭᠰᠠᠨ ᠠᠵᠢᠯ ᠤᠨ ᠬᠥᠭᠵᠢᠯᠲᠡ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠤᠭᠰᠠᠨ ᠵᠢᠴᠢ ᠵᠢᠷᠤᠮᠵᠢᠭᠰᠠᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠬᠤᠶᠠᠷ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠶᠡᠷᠦᠩᠬᠡᠶ ᠳᠡᠭᠡᠨ ᠴᠥᠮ《 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶᠠᠷᠤᠯᠲᠠ ᠶᠢᠨ ᠠᠷᠭ᠎ᠠ》 ᠶᠢ ᠴᠢᠩᠭ᠎ᠠ ᠵᠢᠷᠤᠮᠯᠠᠨ ᠵᠢᠷᠤᠮᠵᠢᠭᠤᠯᠤᠭᠰᠠᠨ ᠪᠠᠶᠢᠭᠤᠯᠤᠯᠲᠠ ᠬᠢᠵᠦ᠂ ᠬᠠᠤᠯᠢᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠠ ᠬᠠᠤᠯᠢ ᠲᠣᠭᠲᠠᠭᠠᠯ ᠶᠣᠰᠣᠭᠠᠷ ᠠᠵᠢᠯ ᠡᠷᠭᠢᠯᠡᠬᠦ ᠦᠵᠡᠯ ᠤᠬᠠᠮᠰᠠᠷ ᠨᠢ ᠳᠡᠭᠡᠭᠰᠢᠯᠡᠪᠡ᠃ ᠡᠯ᠎ᠡ ᠭᠠᠵᠠᠷ ᠤᠨ ᠬᠡᠷᠡᠭ ᠤᠨ ᠡᠪᠬᠡᠮᠡᠯ ᠢ ᠰᠤᠭᠤᠴᠢᠨ ᠪᠠᠶᠢᠴᠠᠭᠠᠬᠤ ᠪᠠᠷ ᠳᠠᠮᠵᠢᠭᠤᠯᠤᠨ᠂ ᠬᠡᠰᠡᠭ ᠬᠡᠷᠡᠭ ᠤᠨ ᠡᠪᠬᠡᠮᠡᠯ ᠳᠤ ᠰᠢᠨ᠎ᠡ ᠬᠠᠭᠤᠴᠢᠨ ᠪᠢᠴᠢᠭ ᠤᠨ ᠬᠡᠯᠪᠡᠷᠢ ᠬᠤᠳᠬᠤᠯᠳᠤᠭᠰᠠᠨ᠂ ᠦᠳᠡᠭᠰᠡᠨ ᠨᠢ ᠵᠢᠷᠤᠮᠵᠢᠭᠤᠯᠤᠨ ᠪᠤᠰᠤ᠂ ᠡᠪᠬᠡᠮᠡᠯ ᠢ ᠴᠠᠭ ᠲᠤᠬᠠᠶ ᠳᠤᠨᠢ ᠳᠠᠩᠰᠠᠯᠠᠭᠰᠠᠨ ᠥᠬᠡᠶ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠶ᠂ ᠡᠨᠡ ᠲᠤᠬᠠᠶ ᠪᠠᠶᠢᠴᠠᠭᠠᠬᠤ ᠠᠵᠢᠯᠲᠠᠨ ᠨᠢᠭᠡᠨᠲᠡ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠳᠤ ᠬᠡᠷᠡᠭ ᠤᠨ ᠡᠪᠬᠡᠮᠡᠯ ᠢ ᠦᠳᠡᠵᠦ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ ᠭᠡᠵᠤ ᠴᠠᠭ ᠲᠤᠬᠠᠶ ᠳᠤᠨᠢ ᠰᠡᠷᠡᠮᠵᠢᠯᠡᠭᠦᠯᠵᠠᠢ᠂ ᠡᠪᠬᠡᠮᠡᠯ ᠪᠣᠯᠭᠠᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠲᠤᠰᠬᠠᠶ ᠬᠥᠮᠦᠨ ᠢᠶᠠᠷ ᠲᠤᠰᠬᠠᠶ ᠠᠵᠢᠯ ᠤᠨ ᠪᠠᠶᠢᠷᠢ ᠳᠤ ᠬᠠᠷᠭᠤᠭᠤᠯᠤᠨ ᠪᠠᠶᠢᠴᠠᠭᠠᠯᠭᠠᠬᠤ ᠶᠢ ᠱᠠᠭᠠᠷᠳᠠᠵᠤ᠂ ᠳᠠᠭᠤᠰᠬᠠᠭᠰᠠᠨ ᠬᠡᠷᠡᠭ ᠢ ᠲᠠᠩᠰᠠ ᠡᠪᠬᠡᠮᠡᠯ ᠳᠤ ᠣᠷᠣᠭᠤᠯᠬᠤ ᠶᠢᠨ ᠴᠠᠭ ᠲᠤᠬᠠᠶᠢᠴᠢ ᠴᠢᠨᠠᠷ᠂ ᠪᠦᠷᠢᠨ ᠲᠡᠭᠦᠯᠳᠡᠷ ᠴᠢᠨᠠᠷ ᠢ ᠪᠠᠲᠤᠯᠠᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠯ᠎ᠡ ᠠᠵᠢᠯ ᠡᠷᠭᠢᠯᠡᠬᠦ ᠬᠠᠤᠯᠢᠴᠢ ᠶᠢᠨ ᠬᠡᠷᠡᠭ ᠰᠢᠢᠳᠪᠦᠷᠢᠯᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ᠲᠠᠷᠠᠭᠠᠴᠢ ᠪᠠᠷ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠳᠣᠲᠣᠭᠠᠳᠤ ᠬᠠᠮᠢᠶᠠᠷᠤᠯᠲᠠ ᠵᠢᠴᠢ ᠬᠠᠤᠯᠢᠴᠢ ᠶᠢᠨ ᠠᠵᠢᠯ ᠡᠷᠭᠢᠯᠡᠬᠦ ᠠᠵᠢᠯᠯᠠᠭ᠎ᠠ ᠶᠢ ᠪᠠᠶᠢᠴᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠪᠠᠶᠢᠩᠭᠤᠵᠢᠭᠤᠯᠤᠭᠰᠠᠨ ᠪᠠᠶᠢᠴᠠᠭᠠᠯᠲᠠ ᠶᠢ ᠬᠠᠤᠯᠢᠴᠢ ᠶᠢᠨ ᠠᠵᠢᠯ ᠲᠥᠷᠥᠯ ᠵᠢᠴᠢ ᠡᠯ᠎ᠡ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠪᠥᠭᠡᠳ ᠵᠢᠷᠤᠮᠵᠢᠭᠤᠯᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号