ᠵᠢᠤ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠠᠷᠢᠭᠤᠳᠬᠠᠵᠤ ᠡᠬᠢ ᠶᠢ ᠨᠢ ᠤᠰᠠᠳᠬᠠᠬᠤ ᠠᠵᠢᠯ ᠢ ᠳᠠᠭᠤᠰᠬᠠᠪᠠ
ᠨᠡᠶᠢᠲᠡᠯᠡᠭᠰᠡᠨ ᠴᠠᠭ᠄
2025/5/30
    ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠬᠠᠪᠤᠷ ᠤᠨ ᠬᠢᠵᠢᠭ ᠢ ᠰᠡᠷᠭᠡᠶᠢᠯᠡᠬᠦ ᠦᠷ᠎ᠡ ᠪᠦᠲᠦᠮᠵᠢ ᠶᠢ ᠦᠨᠡᠨᠬᠦ ᠪᠠᠲᠤᠳᠬᠠᠵᠤ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ 4 ᠰᠠᠷ᠎ᠠ ᠶᠢᠨ ᠳᠤᠮᠳᠠᠴᠢ ᠠᠴᠠ 5 ᠰᠠᠷ᠎ᠠ ᠶᠢᠨ ᠰᠡᠭᠦᠯᠴᠢ ᠪᠣᠯᠲᠠᠯ᠎ᠠ᠂ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠠᠷᠢᠭᠤᠳᠬᠠᠵᠤ ᠡᠬᠢ ᠰᠤᠷᠪᠤᠯᠵᠢ ᠶᠢ ᠨᠢ ᠤᠰᠠᠳᠬᠠᠬᠤ ᠲᠤᠰᠬᠠᠶ ᠠᠵᠢᠯᠯᠠᠭ᠎ᠠ ᠶᠢ ᠥᠷᠨᠢᠭᠦᠯᠪᠡ᠃
11.jpg
    ᠲᠣᠰ ᠤᠳᠠᠭ᠎ᠠ ᠲᠥᠪᠯᠡᠷᠡᠭᠦᠯᠦᠨ ᠠᠷᠢᠭᠤᠳᠬᠠᠵᠤ ᠡᠬᠢ ᠡᠭᠦᠰᠦᠯ ᠢ ᠨᠢ ᠤᠰᠠᠳᠬᠠᠬᠤ ᠳᠤ ᠮᠠᠯ ᠵᠢᠭᠦᠷᠲᠡᠨ ᠵᠥᠭᠡᠭᠡᠪᠦᠷᠢᠯᠡᠬᠦ ᠲᠡᠷᠭᠡ ᠬᠥᠰᠬᠡ᠂ ᠰᠢᠨ᠎ᠡ ᠬᠠᠭᠤᠴᠢᠨ ᠪᠷᠦ᠋ᠼᠧᠯ ᠤᠨ ᠡᠪᠡᠳᠴᠢᠨ ᠤ ᠬᠢᠵᠢᠭ ᠴᠡᠭ᠂ ᠦᠬᠡᠷ ᠬᠤᠨᠢ ᠶᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠶ ( ᠡᠷᠦᠬᠡ ) ᠵᠢᠴᠢ ᠨᠢᠳᠤᠨᠤᠨ ᠤ ᠬᠡᠭᠡᠯ ᠬᠠᠶᠠᠭᠰᠠᠨ ᠨᠣᠷᠮ᠎ᠠ᠂ ᠦᠬᠦᠯᠲᠡ ᠶᠢᠨ ᠨᠣᠷᠮ᠎ᠠ ᠪᠠᠷ ᠨᠡᠯᠢᠶᠡᠳ ᠥᠨᠳᠥᠷ ᠲᠡᠵᠢᠭᠡᠨ ᠦᠷᠡᠵᠢᠭᠦᠯᠬᠦ ᠲᠠᠯᠠᠪᠠᠶ ( ᠡᠷᠦᠬᠡ ) ᠳᠤ ᠴᠢᠭᠯᠡᠭᠦᠯᠦᠨ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠡᠷᠡᠭᠰᠡᠯ᠂ ᠬᠠᠰᠢᠶ᠎ᠠ ᠰᠠᠷᠠᠪᠴᠢ᠂ ᠬᠡᠪᠲᠡᠭᠡ ᠲᠠᠪᠠᠭ᠂ ᠬᠦᠷᠢᠶ᠎ᠡ ᠬᠠᠰᠢᠶ᠎ᠠ᠂ ᠵᠠᠮ ᠵᠢᠴᠢ ᠪᠤᠰᠤᠳ ᠪᠣᠬᠢᠷᠲᠤᠭᠰᠠᠨ ᠲᠠᠯᠠᠪᠤᠷ ᠭᠠᠵᠠᠷ᠂ ᠪᠡᠯᠡᠳᠬᠡᠮᠵᠢ ᠲᠥᠬᠦᠭᠡᠷᠦᠮᠵᠢ ᠵᠡᠷᠭᠡ ᠶᠢ ᠲᠥᠪᠯᠡᠷᠡᠭᠦᠯᠦᠨ  ᠠᠷᠢᠭᠤᠳᠬᠠᠪᠠ᠃ ᠡᠭᠦᠨ ᠤ ᠬᠠᠮᠲᠤ᠂ ᠲᠤᠰᠬᠠᠶ ᠮᠡᠷᠭᠡᠵᠢᠯ ᠤᠨ ᠠᠵᠢᠯᠲᠠᠨ ᠢ ᠨᠢᠭᠡᠳᠦᠭᠡᠷ ᠹᠷᠣᠨᠲ ᠲᠤ ᠲᠤᠬᠢᠷᠠᠭᠤᠯᠤᠨ᠂ ᠲᠡᠵᠢᠭᠡᠨ ᠦᠷᠡᠵᠢᠭᠦᠯᠬᠦ ᠲᠠᠯᠠᠪᠠᠶ᠂ ᠫᠠᠨᠽᠠᠯᠠᠭᠴᠢ ᠪᠠ ᠳᠠᠭᠠᠭᠠᠨ ᠲᠡᠭᠡᠭᠡᠪᠦᠷᠢᠯᠡᠭᠴᠢ ᠵᠡᠷᠭᠡ ᠬᠢᠵᠢᠭ ᠰᠡᠷᠭᠡᠶᠢᠯᠡᠬᠦ ᠭᠤᠤᠯ ᠴᠣᠭᠴᠠ ᠶᠢᠨ ᠤᠬᠢᠶᠠᠵᠤ ᠠᠷᠢᠭᠤᠳᠬᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠰᠢᠮᠳᠠᠭᠤᠯᠤᠨ ᠵᠢᠯᠣᠭᠤᠳᠴᠤ᠂ ᠠᠷᠢᠭᠤᠳᠬᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠠᠷᠢᠭᠤᠳᠬᠠᠵᠤ ᠡᠬᠢ ᠰᠤᠷᠪᠤᠯᠵᠢ ᠶᠢ ᠨᠢ ᠤᠰᠠᠳᠬᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠦᠷᠨᠢᠭᠦᠯᠦᠨ᠎ᠡ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ( ᠡᠷᠦᠬᠡ ) ᠳᠤ ᠭᠦᠨᠵᠡᠭᠡᠶᠢᠷᠡᠨ ᠠᠷᠢᠭᠤᠳᠬᠠᠬᠤ ᠡᠬᠢ ᠰᠤᠷᠪᠤᠯᠵᠢ ᠶᠢ ᠤᠰᠠᠳᠬᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠪᠠᠯᠭᠠᠰᠤ᠂ ᠲᠣᠰᠬᠤᠨ᠂ ᠲᠠᠯᠠᠪᠠᠶ᠂ ᠡᠷᠦᠬᠡ ᠳᠤ ᠤᠬᠠᠭᠤᠯᠭ᠎ᠠ ᠬᠢᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠷᠢᠭᠤᠳᠬᠠᠬᠤ ᠶᠢ ᠲᠠᠨᠢᠭᠤᠯᠵᠤ᠂ ᠠᠷᠢᠭᠤᠳᠬᠠᠬᠤ ᠶᠢ ᠴᠢᠬᠤᠯᠠᠴᠢᠯᠠᠨ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠰᠡᠵᠢᠭ ᠢ ᠨᠢ ᠠᠯᠳᠠᠷᠠᠭᠠᠵᠤ᠂ ᠬᠡᠷ ᠪᠣᠯᠭᠠᠨ ᠳᠤ ᠴᠥᠮ《 ᠲᠣᠳᠣᠷᠬᠠᠶ ᠬᠥᠮᠦᠨ 》 ᠲᠠᠢ ᠪᠣᠯᠭᠠᠵᠤ᠂ ᠲᠡᠵᠢᠭᠡᠨ ᠦᠷᠡᠵᠢᠭᠦᠯᠬᠦ ᠲᠠᠯᠠᠪᠠᠶ ( ᠡᠷᠦᠬᠡ ) ᠶᠢ ᠬᠠᠪᠰᠤᠷᠤᠨ ᠲᠡᠵᠢᠭᠡᠨ ᠦᠷᠡᠵᠢᠭᠦᠯᠬᠦ ᠲᠦᠭᠰᠢᠭᠦᠷᠢ ᠶᠢ ᠪᠠᠭᠤᠷᠠᠭᠤᠯᠤᠨ᠎ᠠ᠃    ᠲᠣᠰ ᠤᠳᠠᠭᠠᠨ ᠤ ᠠᠷᠢᠭᠤᠳᠬᠠᠵᠤ ᠤᠰᠠᠳᠬᠠᠬᠤ ᠠᠵᠢᠯᠯᠠᠭ᠎ᠠ ᠨᠢ 8 ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ 55 ᠰᠢᠨ᠎ᠡ ᠬᠠᠭᠤᠴᠢᠨ ᠪᠷᠦ᠋ᠼᠧᠯ ᠡᠪᠡᠳᠴᠢᠨ ᠤ ᠬᠢᠵᠢᠭ ᠤᠨ ᠴᠡᠭ᠂ 98 ᠬᠡᠪᠴᠢᠶᠡᠵᠢᠯ ᠤᠨ ᠲᠠᠯᠠᠪᠠᠶ ᠶᠢ ᠬᠠᠮᠤᠷᠴᠤ᠂ 100 ᠭᠠᠷᠤᠶ ᠬᠥᠮᠦᠨ ᠢ ᠬᠥᠳᠡᠯᠭᠡᠵᠦ᠂ 3.9 ᠲᠣᠨ ᠠᠷᠢᠭᠤᠳᠬᠠᠭᠴᠢ ᠬᠡᠷᠡᠭᠯᠡᠵᠦ᠂ ᠠᠷᠢᠭᠤᠳᠬᠠᠭᠰᠠᠨ ᠲᠠᠯᠠᠪᠠᠶ ᠨᠢ ᠨᠡᠶᠢᠲᠡ 35.4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号