ᠬᠡᠮᠡᠷᠯᠢᠭ ᠲᠤᠭ ᠢᠶᠠᠷ ᠶᠤᠰᠤᠯᠠᠵᠤ᠂ ᠡᠮᠴᠢ ᠶᠢᠨ ᠦᠷᠦᠰᠢᠶᠡᠯ ᠳᠤ ᠲᠠᠯᠠᠷᠬᠠᠨ᠎ᠠ
ᠨᠡᠶᠢᠲᠡᠯᠡᠭᠰᠡᠨ ᠴᠠᠭ᠄
2025/5/6
    ᠤᠶᠢᠷ᠎ᠠ ᠶᠢᠨ ᠡᠳᠦᠷ᠂ ᠡᠪᠡᠳᠴᠢᠲᠡᠨ ᠲᠢᠶᠠᠨ ᠠᠪᠠᠭ᠋ᠠᠢ《 ᠬᠤᠸᠠᠩᠳᠢ ᠶᠢᠨ ᠪᠡᠶ᠎ᠡ ᠰᠤᠪᠢᠯᠠᠬᠤ ᠪᠠᠷ ᠳᠡᠯᠡᠬᠡᠢ ᠳ᠋ᠠᠬᠢᠨ ᠢ ᠲᠤᠰᠠᠯᠠᠪᠠᠢ᠂ ᠡᠮᠨᠡᠯᠭᠡ ᠶᠢᠨ ᠮᠡᠷᠭᠡᠵᠢᠯ ᠢᠶᠠᠷ ᠠᠷᠠᠳ ᠢᠷᠭᠡᠳ ᠢ ᠲᠤᠰᠠᠯᠠᠪᠠᠢ 》ᠭᠡᠰᠡᠨ ᠬᠡᠮᠡᠷᠯᠢᠭ ᠲᠤᠭ ᠢᠶᠠᠨ  ᠪᠠᠶᠠᠨᠰᠢᠯᠢ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠺᠠᠢ ᠶᠤᠸᠠᠨ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠶᠢᠨ ᠵᠠᠩ ᡁᠢ ᠭᠦᠸᠧ ᠡᠮᠴᠢ ᠶᠢᠨ ᠭᠠᠷ ᠲᠤ ᠬᠦᠷᠭᠡᠵᠦ᠂ ᠬᠡᠮᠡᠷᠯᠢᠭ ᠲᠤᠭ ᠳᠡᠭᠡᠷ᠎ᠡ ᠭᠢᠯᠠᠯᠵᠠᠭᠰᠠᠨ ᠲᠤᠮᠤ ᠦᠰᠦᠭ ᠨᠢ ᠡᠪᠡᠳᠴᠢᠲᠡᠨ ᠤ ᠮᠠᠨ ᠤ ᠲᠥᠪ ᠤᠨ ᠵᠠᠩ ᠡᠮᠴᠢ ᠶᠢᠨ ᠡᠮᠴᠢᠯᠡᠭᠡᠨ ᠤ ᠮᠣᠷᠠᠯ ᠡᠮᠴᠢᠯᠡᠭᠡᠨ ᠤ ᠮᠡᠷᠭᠡᠵᠢᠯ ᠢ ᠮᠡᠳᠡᠷᠡᠨ ᠵᠥᠪᠰᠢᠶᠡᠷᠡᠵᠦ ᠪᠠᠶᠢᠬᠤ ᠶᠢ ᠢᠯᠡᠳᠬᠡᠵᠦ᠂ ᠵᠠᠩ ᠡᠮᠴᠢ ᠶᠢᠨ ᠨᠠᠷᠢᠨ ᠨᠢᠮᠪᠠᠢ ᠡᠮᠨᠡᠨ ᠵᠠᠰᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃  ᠪᠣᠷᠣᠭᠵᠢᠭᠤᠨ ᠦᠭᠡ ᠶᠠᠷᠢᠶ᠎ᠠ᠂ ᠬᠤᠷᠴᠠ ᠤᠯᠠᠭᠠᠨ ᠬᠡᠮᠡᠷᠯᠢᠭ ᠲᠤᠭ ᠨᠢ ᠡᠮᠴᠢ ᠪᠠ ᠡᠪᠡᠳᠴᠢᠲᠡᠨ ᠤ ᠬᠤᠭᠤᠷᠣᠨᠳᠣᠬᠢ ᠦᠨᠡᠨᠴᠢ ᠰᠢᠳᠤᠷᠭᠤ ᠪᠠ ᠡᠶ᠎ᠡ ᠵᠣᠬᠢᠴᠠᠯ ᠢ ᠬᠠᠷᠠᠭᠤᠯᠵᠤ ᠪᠠᠶᠢᠨ᠎ᠠ᠃
11.jpg
    ᠲᠢᠶᠠᠨ ᠠᠪᠠᠭ᠋ᠠᠶ ᠭᠡᠳᠡᠰᠦ ᠡᠪᠡᠳᠴᠦ ᠭᠡᠳᠡᠰᠦ ᠳᠦᠭᠦᠷᠦᠭᠡᠳ 2 ᠵᠢᠯ ᠪᠣᠯᠵᠤ ᠪᠠᠶᠢᠨ᠎ᠠ᠂ ᠢᠳᠡᠵᠦ ᠤᠤᠭᠤᠬᠤ ᠲᠠᠯ᠎ᠠ ᠪᠠᠷ ᠠᠨᠠᠶ ᠭᠡᠵᠦ 2 ᠵᠢᠯ ᠤᠨ ᠲᠤᠷᠰᠢ ᠡᠯ᠎ᠡ ᠶᠡᠭᠡ ᠡᠮᠨᠡᠯᠭᠡ ᠶᠢᠨ ᠬᠤᠷᠢᠶᠠᠨ ᠳᠤ ᠣᠯᠠᠨ ᠤᠳᠠᠭ᠎ᠠ ᠬᠦᠷᠴᠦ ᠡᠮᠨᠡᠭᠦᠯᠦᠭᠰᠡᠨ ᠪᠣᠯᠪᠠᠴᠤ ᠡᠮᠴᠢᠯᠡᠭᠡᠨ ᠤ ᠲᠤᠰᠠ ᠨᠢ ᠠᠨᠠᠶ ᠪᠠᠶᠢᠵᠤ᠂《 ᠠᠷᠠᠳ ᠢᠳᠡᠭᠡᠨ ᠢᠶᠠᠷ ᠠᠮᠢ ᠭᠤᠣᠯ ᠢᠶᠠᠨ ᠪᠣᠯᠭᠠᠳᠠᠭ 》᠂ ᠤᠷᠲᠤ ᠬᠤᠭᠤᠴᠠᠭᠠᠨ ᠤ ᠬᠡᠪᠡᠯᠢ ᠡᠪᠡᠳᠬᠦ ᠠᠰᠠᠭᠤᠳᠠᠯ ᠨᠢ ᠡᠪᠡᠳᠴᠢᠲᠡᠨ ᠤ ᠢᠳᠡᠭᠡᠨ ᠤᠮᠳᠠᠭᠠᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠨ᠎ᠠ᠃ ᠨᠠᠶᠢᠵᠠ ᠶᠢᠨ ᠢᠶᠠᠨ ᠲᠠᠨᠢᠯᠴᠠᠭᠤᠯᠭ᠎ᠠ ᠪᠠᠷ ᠺᠠᠶ ᠶᠤᠸᠠᠨ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠳᠤ ᠬᠦᠷᠴᠦ ᠡᠮᠨᠡᠭᠦᠯᠪᠡ᠂ ᠬᠢᠲᠠᠳ ᠡᠮᠨᠡᠯᠭᠡ ᠶᠢᠨ ᠵᠠᠩ ᡁᠢ ᠭᠦᠸᠧ ᠡᠮᠴᠢ ᠶᠢᠨ ᠨᠠᠷᠢᠨ ᠪᠠᠶᠢᠴᠠᠭᠠᠯᠲᠠ ᠪᠠᠷ ᠲᠢᠶᠠᠨ ᠠᠪᠠᠭ᠋ᠠᠶ ᠳᠤ ᠬᠠᠨᠳᠤᠯᠭᠠᠲᠤ ᠴᠢᠨᠠᠷᠲᠠᠶ ᠬᠢᠲᠠᠳ ᠡᠪᠡᠰᠦᠨ ᠡᠮ ᠤᠨ ᠲᠠᠩ ᠤᠨ ᠲᠥᠰᠦᠯ ᠲᠣᠭᠲᠠᠭᠠᠵᠤ ᠥᠭᠴᠡᠶ᠂ ᠡᠮ ᠨᠠᠶᠢᠷᠠᠭᠤᠯᠤᠭᠰᠠᠨ ᠤ ᠳᠠᠷᠠᠭ᠎ᠠ ᠵᠠᠩ ᠡᠮᠴᠢ ᠡᠮ ᠴᠢᠨᠠᠬᠤ ᠳᠤ ᠠᠩᠬᠠᠷᠬᠤ ᠵᠦᠢᠯ ᠪᠠ ᠡᠮᠴᠢᠯᠡᠭᠡᠨ ᠤ ᠬᠤᠭᠤᠴᠠᠭᠠᠨ ᠳᠠᠬᠢ ᠢᠳᠡᠭᠡᠨ ᠤᠮᠳᠠᠭᠠᠨ ᠤ ᠴᠡᠭᠡᠷ ᠢ  ᠴᠢᠩ ᠰᠡᠳᠬᠢᠯ ᠠᠴᠠ ᠪᠠᠨ ᠰᠤᠷᠭᠠᠭᠰᠠᠨ ᠪᠠᠶᠢᠨ᠎ᠠ᠃    ᠬᠢᠲᠠᠳ ᠡᠮ ᠤᠨ ᠲᠠᠩ ᠨᠠᠶᠢᠷᠠᠯᠭ᠎ᠠ ᠪᠠᠷ ᠲᠢᠶᠠᠨ ᠠᠪᠠᠭ᠋ᠠᠢ ᠶᠢᠨ ᠭᠡᠳᠡᠰᠦ ᠬᠥᠭᠡᠭᠡᠬᠦ᠂ ᠭᠡᠳᠡᠰᠦ ᠡᠪᠡᠳᠬᠦ ᠵᠡᠷᠭᠡ ᠡᠪᠡᠳᠴᠢᠨ ᠤ ᠪᠠᠶᠢᠳᠠᠯ ᠮᠡᠳᠡᠭᠳᠡᠮ᠎ᠡ ᠨᠠᠮᠳᠠᠵᠤ᠂ ᠢᠳᠡᠭᠡᠨ ᠤᠮᠳᠠᠭᠠᠨ ᠨᠢ ᠬᠡᠪ ᠤᠨ ᠪᠠᠶᠢᠳᠠᠯ ᠳᠠᠭᠠᠨ ᠣᠷᠣᠵᠤ᠂ ᠰᠡᠳᠬᠢᠯ ᠰᠠᠨᠠᠭ᠎ᠠ ᠨᠢ ᠶᠡᠭᠡ ᠰᠠᠶᠢᠨ ᠪᠣᠯᠪᠠ᠃ ᠡᠪᠡᠳᠴᠢᠲᠡᠨ ᠵᠢᠴᠢ ᠭᠡᠷ ᠪᠦᠯᠢ ᠶᠢᠨ ᠬᠢᠨ ᠣᠨᠴᠠᠭᠠᠶᠢᠯᠠᠨ ᠬᠡᠮᠡᠷᠯᠢᠭ ᠲᠤᠭ ᠬᠦᠷᠭᠡᠵᠦ ᠲᠠᠯᠠᠷᠬᠠᠵᠤ ᠪᠠᠶᠢᠬᠤ ᠪᠠᠨ ᠢᠯᠡᠳᠬᠡᠪᠡ᠃    ᠵᠠᠩ ᡁᠢ ᠭᠦᠸᠧ ᠡᠮᠴᠢ ᠨᠢᠭᠡᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠳᠠᠨ ᠪᠣᠯᠤᠭᠰᠠᠨ ᠤ ᠬᠤᠪᠢ ᠳᠤ᠂ ᠬᠠᠳᠠ ᠴᠢᠯᠠᠭᠤ ᠮᠡᠲᠦ ᠡᠮᠴᠢ ᠬᠥᠮᠦᠨ ᠤ ᠤᠬ ᠰᠠᠨᠠᠭ᠎ᠠ ᠶᠢ ᠡᠪᠦᠷᠯᠡᠨ᠂ ᠰᠡᠳᠬᠢᠯ ᠲᠦᠪᠳᠡᠨ᠂ ᠭᠠᠷ ᠲᠠᠬᠢ ᠮᠥᠩᠭᠦᠨ ᠵᠡᠭᠦᠦ᠂  ᠰᠤᠶᠢᠬ᠎ᠠ ᠪᠣᠯᠤᠨ ᠡᠷᠬᠢᠮ ᠳᠡᠭᠡᠳᠦ ᠡᠮᠴᠢ ᠶᠢᠨ ᠮᠣᠷᠠᠯ᠂ ᠨᠠᠷᠢᠯᠢᠭ ᠡᠮᠴᠢᠯᠡᠭᠡᠨ ᠤ ᠮᠡᠷᠭᠡᠵᠢᠯ ᠢᠶᠠᠷ ᠢᠶᠠᠨ ᠡᠪᠡᠳᠴᠢᠲᠡᠨ ᠤ ᠡᠪᠡᠳᠴᠢᠨ ᠡᠮᠭᠡᠭ ᠢ ᠠᠷᠢᠯᠭᠠᠵᠤ᠂ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠥᠷᠭᠡᠨ ᠤᠯᠠᠨ ᠡᠪᠡᠳᠴᠢᠲᠡᠨ ᠤ ᠢᠲᠡᠭᠡᠯ ᠪᠠ ᠮᠠᠭᠲᠠᠭᠠᠯ ᠢ ᠤᠯᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号