《 ᠬᠥᠳᠡᠯᠮᠦᠷᠢ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠵᠦ · ᠠᠮᠢᠵᠢᠷᠠᠯ ᠤᠨ ᠬᠦᠴᠦᠨ ᠲᠠᠢ ᠵᠢᠤ ᠶᠤᠸᠠᠨ 》 ᠵᠢᠦ ᠶᠤᠸᠠᠨ ᠲᠣᠭᠤᠷᠢᠭ ᠤᠨ ᠠᠵᠢᠯᠲᠠᠨ ᠠᠵᠢᠯᠴᠢᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/5/6
    ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂《 ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ 》 ᠤ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠯᠮᠦᠷᠢ ᠶᠢᠨ ᠴᠤᠭ ᠵᠢᠪᠬᠤᠭ᠎ᠠ ᠶᠢ ᠪᠠᠳᠠᠷᠠᠭᠤᠯᠬᠤ ᠶᠢᠨ ᠲᠥᠯᠥᠭᠡ᠂ 2025 ᠣᠨ ᠤ 4 ᠰᠠᠷ᠎ᠠ ᠶᠢᠨ 26  ᠤ ᠡᠳᠦᠷ᠂ ᠵᠢᠦ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠰᠠᠶᠢᠬᠠᠨᠲᠠᠯ᠎ᠠ ᠬᠤᠲᠠ ᠶᠢᠨ ᠲᠠᠯ᠎ᠠ ᠨᠤᠲᠤᠭ ᠲᠤ《 ᠬᠥᠳᠡᠯᠮᠦᠷᠢ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠵᠦ · ᠠᠮᠢᠵᠢᠷᠠᠯ ᠤᠨ ᠬᠦᠴᠦᠨ ᠲᠠᠢ ᠵᠢᠤ ᠶᠤᠸᠠᠨ 》 ᠤ ᠪᠥᠬᠦ ᠲᠤᠭᠤᠷᠢᠭ ᠤᠨ ᠠᠵᠢᠯᠲᠠᠨ ᠠᠵᠢᠯᠴᠢᠨ ᠤ ᠢᠳᠡᠷᠡᠭᠦᠨ ᠠᠯᠬᠤᠭ᠎ᠠ ᠪᠠᠷ ᠠᠯᠬᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠪᠦᠬᠦ ᠲᠤᠭᠤᠷᠢᠭ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠢᠷᠡᠭᠰᠡᠨ 40 ᠡᠩᠨᠡᠭᠡ᠂ 436 ᠠᠵᠢᠯᠳᠠᠨ ᠠᠵᠢᠯᠴᠢᠨ ᠴᠤᠭ ᠪᠠᠳᠠᠷᠠᠩᠭᠤᠢ ᠲᠦᠷᠢ ᠪᠠᠶᠢᠳᠠᠯ ᠢᠶᠠᠷ《 5·1》 ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠠᠶᠠᠷᠯᠠᠨ ᠤᠭᠲᠤᠪᠠ᠃ 
111.jpg
    ᠦᠳᠡ ᠶᠢᠨ ᠡᠮᠦᠨᠡᠬᠢ 9 ᠴᠠᠭ ᠲᠤ᠂ ᠫᠤᠤ ᠳᠤᠤᠭᠠᠷᠬᠤ ᠶᠢ ᠳᠠᠭᠠᠯᠳᠤᠨ᠂ ᠡᠩᠨᠡᠭᠡ 8.6 ᠺᠢᠯᠣᠮᠧᠲᠷ ᠴᠡᠴᠡᠷᠯᠢᠭ ᠢ ᠲᠣᠭᠤᠷᠢᠭᠰᠠᠨ ᠵᠠᠮ ᠳᠠᠭᠠᠤ ᠡᠮᠬᠢ ᠵᠢᠷᠤᠮ ᠲᠠᠢ ᠪᠠᠷ ᠮᠣᠷᠳᠠᠪᠠ᠃ ᠠᠵᠢᠯᠲᠠᠨ ᠠᠵᠢᠯᠴᠢᠳ ᠬᠤᠲᠠ ᠶᠢᠨ ᠳᠤᠮᠳᠠᠬᠢ ᠲᠠᠯ᠎ᠠ ᠨᠤᠲᠤᠭ ᠲᠤ ᠢᠳᠡᠷᠡᠭᠦᠨ ᠠᠯᠬᠤᠭ᠎ᠠ ᠪᠠᠷ ᠠᠯᠬᠤᠯᠠᠵᠤ᠂ ᠰᠢᠪᠠᠭᠤᠨ ᠤ ᠳᠣᠩᠭᠤᠳᠬᠤ ᠶᠢ ᠴᠢᠩᠨᠠᠵᠤ᠂ ᠤᠷᠢᠬᠠᠨ ᠬᠠᠪᠤᠷ ᠤᠨ ᠦᠵᠡᠮᠵᠢ ᠶᠢ ᠰᠣᠨᠢᠷᠬᠠᠨ᠂ ᠡᠷᠡᠯᠬᠡᠭᠯᠡᠨ ᠲᠡᠮᠡᠴᠡᠭᠰᠡᠨ ᠠᠵᠢᠯᠲᠠᠨ ᠠᠵᠢᠯᠴᠢᠳ ᠤᠨ ᠴᠤᠭ ᠵᠢᠪᠬᠤᠭ᠎ᠠ ᠶᠢ ᠭᠠᠶᠢᠬᠠᠭᠤᠯᠤᠨ᠎ᠠ᠃ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠪᠦᠬᠦ ᠱᠤᠭᠤᠮ ᠳᠤ 3 ᠺᠠᠷᠲ ᠴᠤᠭᠤᠯᠬᠤ ᠦᠢᠯᠡᠴᠢᠯᠡᠭᠡᠨ ᠤ ᠴᠡᠭ ᠲᠤᠬᠢᠷᠠᠭᠤᠯᠵᠤ᠂ ᠤᠤᠭᠤᠬᠤ ᠤᠰᠤᠨ ᠤ ᠨᠥᠬᠦᠪᠥᠷᠢ ᠵᠢᠴᠢ ᠡᠮᠴᠢᠯᠡᠭᠡᠨ ᠤ ᠦᠢᠯᠡᠴᠢᠯᠡᠭᠡ ᠬᠠᠩᠭᠠᠵᠤ᠂《 ᠬᠥᠳᠡᠯᠮᠦᠷᠢ ᠪᠠᠷ ᠵᠣᠯ ᠵᠢᠷᠭᠠᠯ ᠢ ᠴᠣᠭᠴᠠᠯᠠᠨ᠎ᠠ 》᠂《 ᠡᠷᠡᠭᠦᠯ ᠰᠠᠷᠠᠭᠤᠯ ᠠᠮᠢᠳᠤᠷᠠᠯ ᠪᠠᠶᠠᠷ ᠪᠠᠶᠠᠰᠤᠯ ᠲᠠᠢ ᠠᠵᠢᠯ 》ᠵᠡᠷᠭᠡ ᠭᠤᠣᠯ ᠰᠡᠳᠦᠪᠲᠦ ᠤᠷᠢᠶ᠎ᠠ ᠶᠢ ᠪᠠᠶᠢᠷᠢᠯᠠᠭᠤᠯᠵᠤ᠂ ᠠᠵᠢᠯᠳᠠᠨ ᠠᠵᠢᠯᠴᠢᠨ ᠳᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠵᠡᠷᠭᠡ ᠪᠠᠷ᠂ ᠬᠥᠳᠡᠯᠮᠦᠷᠢ ᠶᠢᠨ ᠵᠣᠷᠢᠭ ᠰᠠᠨᠠᠭᠠᠨ ᠤ ᠤᠷᠮᠠᠰᠢᠭᠤᠯᠤᠯ ᠪᠣᠯᠤᠨ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠮᠡᠳᠡᠷᠡᠭᠦᠯᠪᠡ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠲᠠᠨ ᠠᠵᠢᠯᠴᠢᠳ ᠲᠤᠰ ᠤᠳᠠᠭᠠᠨ ᠤ ᠠᠵᠢᠯᠯᠠᠭ᠎ᠠ ᠨᠢ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠵᠤ᠂ ᠳᠠᠷᠤᠯᠲᠠ ᠪᠠᠨ ᠰᠤᠯᠠᠷᠠᠭᠤᠯᠤᠭᠰᠠᠨ ᠢᠶᠠᠷ ᠪᠠᠷᠠᠬᠤ ᠦᠭᠡᠶ ᠪᠠᠰᠠ ᠬᠠᠮᠲᠤ ᠠᠵᠢᠯᠲᠠᠨ ᠤ ᠬᠤᠭᠤᠷᠣᠨᠳᠣᠬᠢ ᠰᠣᠯᠢᠯᠴᠠᠭ᠎ᠠ ᠪᠠ ᠬᠠᠮᠵᠢᠯᠴᠠᠭ᠎ᠠ ᠪᠠᠨ ᠨᠡᠮᠡᠭᠳᠡᠭᠦᠯᠵᠡᠶ ᠭᠡᠵᠦ ᠢᠯᠡᠷᠬᠡᠶᠢᠯᠡᠪᠡ᠃ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠢᠷᠡᠭᠡᠳᠦᠢ ᠳᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠡᠭᠦᠷᠭᠡ ᠴᠢᠳᠠᠪᠬᠢ ᠶᠢ ᠦᠷᠭᠦᠯᠵᠢᠯᠡᠨ ᠪᠠᠳᠠᠷᠠᠭᠤᠯᠵᠤ᠂ ᠤᠯᠠᠮ ᠤᠯᠠᠨ ᠬᠡᠯᠪᠡᠷᠢ ᠶᠢᠨ᠂ ᠠᠵᠢᠯᠳᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠳᠤ ᠤᠢᠢᠷᠠᠳᠤᠭᠰᠠᠠ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠤᠬᠠᠭᠠᠯᠠᠵᠤ᠂ ᠠᠵᠢᠯᠳᠠᠨ ᠠᠵᠢᠯᠴᠢᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃    ᠲᠤᠰ ᠤᠳᠠᠭ᠎ᠠ ᠶᠢᠨ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ ᠥᠷᠭᠡᠨ ᠤᠯᠠᠨ ᠠᠵᠢᠯᠳᠠᠨ ᠠᠵᠢᠯᠴᠢᠨ ᠤ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠤᠬᠠᠮᠰᠠᠷ ᠢ ᠨᠢ ᠳᠡᠭᠡᠭᠰᠢᠯᠡᠭᠦᠯᠬᠦ ᠶᠢᠨ ᠬᠠᠮᠲᠤ᠂ ᠡᠷᠡᠮᠡᠬᠡᠶᠢᠯᠡᠨ ᠲᠡᠮᠡᠴᠡᠬᠦ᠂ ᠢᠳᠡᠪᠬᠢᠲᠡᠢ ᠠᠮᠢᠳᠤᠷᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠢ ᠵᠣᠷᠢᠭᠵᠢᠭᠤᠯᠤᠨ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠨᠡᠩ ᠡᠷᠡᠭᠦᠯ ᠴᠢᠭᠢᠷᠠᠭ ᠪᠡᠶ᠎ᠡ ᠮᠠᠬᠠᠪᠣᠳ ᠲᠠᠢ ᠪᠣᠯᠭᠠᠵᠤ᠂ ᠵᠢᠤ ᠶᠤᠸᠠᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠥᠷᠨᠢᠭᠦᠨ ᠪᠠᠳᠠᠷᠠᠩᠭᠤᠢ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号