ᠠᠵᠤ ᠠᠬᠤᠶᠢᠯᠠᠯ ᠤᠨ ᠠᠵᠢᠯᠲᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ | ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ | 4 ᠰᠠᠷ᠎ᠠ ᠶᠢᠨ 24 ᠤ ᠦᠳᠡ ᠶᠢᠨ ᠬᠤᠶᠢᠨ᠎ᠠ᠂ ᠵᠢᠤ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠤᠯᠤᠰ ᠤᠨ ᠡᠨᠧᠷᠭᠢ ᠶᠢᠨ ᠪᠤᠭᠤᠲᠤ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ ᠳᠤ ᠬᠦᠷᠴᠦ᠂《 ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ 》 ᠤᠨ | ᠲᠠᠶᠢᠯᠪᠤᠷᠢᠯᠠᠯᠲᠠ ᠶᠢᠨ ᠲᠤᠰᠬᠠᠢ ᠰᠡᠳᠦᠪᠲᠦ ᠲᠠᠶᠢᠯᠤᠮᠵᠢ ᠶᠢ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠳ ᠲᠤ | ᠲᠤᠰᠬᠠᠢ ᠮᠡᠷᠭᠡᠵᠢᠯ ᠤᠨ᠂ ᠪᠤᠳᠠᠳᠤ ᠬᠡᠷᠡᠭᠯᠡᠭᠡᠨ ᠤ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠮᠡᠳᠡᠯᠭᠡ ᠶᠢᠨ《 | ᠠᠮᠳᠠᠳᠤ ᠬᠤᠭᠤᠯᠠ 》ᠬᠦᠷᠭᠡᠵᠦ᠂ 100 ᠰᠢᠬᠠᠮ ᠠᠵᠢᠯᠳᠠᠨ ᠠᠵᠢᠯᠴᠢᠨ ᠲᠠᠶᠢᠯᠤᠮᠵᠢ ᠶᠢ ᠰᠣᠨᠣᠰᠪᠠ᠃ | ᠲᠠᠶᠢᠯᠤᠮᠵᠢ ᠶᠢᠨ ᠠᠬᠤᠶ ᠲᠠᠯᠠᠪᠠᠶ ᠳᠤ᠂ ᠲᠤᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠡᠷᠬᠢᠯᠡᠭᠴᠢ᠂ ᠡᠷᠬᠢᠯᠡᠭᠴᠢ ᠡᠮᠴᠢ ᠯᠢᠦ ᠸᠧᠶ ᠵᠢᠷᠤᠭ ᠪᠢᠴᠢᠭ ᠢ ᠬᠤᠤᠰᠯᠠᠭᠤᠯᠬᠤ | ᠬᠡᠯᠪᠡᠷᠢ ᠪᠠᠷ《 ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ - | ᠦᠨᠳᠦᠰᠦᠨ ᠮᠡᠳᠡᠯᠭᠡ ᠬᠢᠭᠡᠳ ᠤᠷ᠎ᠠ ᠴᠢᠳᠠᠪᠤᠷᠢ ( 66 ᠵᠦᠢᠯ ) 》( 2024 ᠬᠡᠪᠯᠡᠯ ) ᠶᠢᠨ ᠲᠣᠭᠤᠷᠢᠨ ᠳᠤ᠂ | ᠦᠨᠳᠦᠰᠦᠨ ᠮᠡᠳᠡᠯᠭᠡ ᠪᠠ ᠤᠶᠢᠯᠠᠭᠠᠭᠳᠠᠬᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠦᠢᠯᠡ | ᠠᠵᠢᠯᠯᠠᠭ᠎ᠠ᠂ ᠦᠨᠳᠦᠰᠦᠨ ᠤᠷ᠎ᠠ ᠴᠢᠳᠠᠪᠤᠷᠢ ᠵᠡᠷᠭᠡ ᠭᠤᠷᠪᠠᠨ ᠲᠠᠯ᠎ᠠ ᠠᠴᠠ《 ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ 66 ᠵᠦᠢᠯ 》 ᠤᠨ ᠭᠤᠤᠯᠳᠠᠯᠭ᠎ᠠ ᠲᠠᠢ ᠠᠭᠤᠯᠭ᠎ᠠ ᠳᠤ ᠭᠦᠨᠵᠡᠭᠡᠶ ᠪᠥᠭᠡᠳ ᠣᠶᠢᠯᠠᠭᠠᠮᠵᠢᠲᠠᠶ | ᠲᠠᠶᠢᠯᠤᠮᠵᠢ ᠬᠢᠪᠠ᠃ ᠦᠨᠳᠦᠰᠦᠨ ᠮᠡᠳᠡᠯᠭᠡ ᠪᠠ ᠣᠶᠢᠯᠠᠭᠠᠭᠳᠠᠬᠤᠨ ᠤ ᠬᠡᠰᠡᠭ ᠲᠤ᠂ ᠵᠣᠬᠢᠰᠲᠠᠶ ᠬᠤᠭᠤᠯᠠ ᠢᠳᠡᠬᠦ᠂ | ᠵᠣᠬᠢᠰᠲᠠᠶ ᠬᠥᠳᠡᠯᠭᠡᠭᠡᠨ ᠬᠢᠬᠦ᠂ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠬᠤ᠂ ᠰᠡᠳᠬᠢᠴᠡ ᠶᠢᠨ ᠲᠡᠩᠴᠡᠭᠦᠷᠢ | ᠪᠠ ᠣᠷᠴᠢᠨ ᠲᠣᠭᠤᠷᠢᠨ ᠢ ᠬᠠᠶᠢᠷᠠᠯᠠᠬᠤ ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢᠨ ᠴᠢᠬᠤᠯᠠ | ᠴᠢᠨᠠᠷ ᠢ ᠨᠠᠷᠢᠨ ᠲᠠᠶᠢᠯᠪᠤᠷᠢᠯᠠᠪᠠ︔ ᠡᠷᠡᠭᠦᠯ ᠰᠠᠶᠢᠬᠠᠨ ᠠᠮᠢᠳᠤᠷᠠᠯ ᠤᠨ ᠠᠷᠭ᠎ᠠ ᠬᠡᠯᠪᠡᠷᠢ ᠪᠠ ᠦᠢᠯᠡ | ᠠᠵᠢᠯᠯᠠᠭ᠎ᠠ ᠶᠢᠨ ᠲᠠᠯ᠎ᠠ ᠪᠠᠷ᠂ ᠵᠦᠶ ᠵᠣᠬᠢᠰᠲᠠᠶ ᠬᠤᠭᠤᠯᠠ ᠢᠳᠡᠬᠦ᠂ ᠰᠢᠨᠵᠢᠯᠡᠬᠦ ᠤᠬᠠᠭᠠᠨᠴᠢ ᠪᠠᠷ ᠬᠥᠳᠡᠯᠭᠡᠭᠡᠨ ᠬᠢᠬᠦ᠂ | ᠵᠦᠶ ᠵᠣᠬᠢᠰᠲᠠᠶ ᠤᠨᠲᠠᠬᠤ ᠪᠠ ᠰᠡᠳᠬᠢᠴᠡ ᠶᠢᠨ ᠡᠷᠡᠭᠦᠯ ᠮᠡᠨᠳᠦ ᠪᠠᠨ ᠪᠠᠲᠤᠯᠠᠬᠤ ᠪᠣᠳᠠᠲᠠᠶ ᠠᠷᠭ᠎ᠠ ᠶᠢ ᠭᠦᠨᠵᠡᠭᠡᠶ | ᠲᠠᠶᠢᠯᠪᠤᠷᠢᠯᠠᠪᠠ︔ ᠦᠨᠳᠦᠰᠦᠨ ᠮᠡᠷᠭᠡᠵᠢᠯ ᠤᠨ ᠬᠡᠰᠡᠭ ᠲᠤ᠂ ᠵᠢᠷᠦᠬᠡ ᠠᠭᠤᠰᠬᠢ ᠶᠢ ᠰᠡᠷᠭᠦᠭᠡᠬᠦ ( AED ᠶᠢ | ᠬᠡᠷᠡᠭᠯᠡᠬᠦ )᠂ ᠾᠧᠢ ᠮᠦ ᠯᠢ ᠺᠧ ᠠᠷᠭ᠎ᠠ ᠵᠡᠷᠭᠡ ᠠᠷᠭ᠎ᠠ ᠶᠢ ᠲᠠᠶᠢᠯᠪᠤᠷᠢᠯᠠᠪᠠ᠃ | ᠡᠭᠦᠨ ᠤ ᠬᠠᠮᠲᠤ᠂ ᠯᠢᠦ ᠡᠷᠬᠢᠯᠡᠭᠴᠢ ᠡᠬᠡ ᠨᠢᠯᠬᠠᠰ᠂ ᠵᠠᠯᠠᠭᠤᠴᠤᠳ ᠪᠠᠭᠠᠴᠤᠳ᠂ ᠬᠥᠳᠡᠯᠮᠦᠷᠢᠴᠢᠨ ᠪᠣᠯᠤᠨ | ᠨᠠᠰᠤᠲᠠᠶᠢᠴᠤᠳ ᠵᠡᠷᠭᠡ ᠬᠥᠮᠦᠰ ᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠭᠤᠤᠯᠳᠠᠯᠭ᠎ᠠ ᠳᠤ ᠲᠠᠶᠢᠯᠤᠮᠵᠢ ᠬᠢᠪᠠ᠃ | ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠬᠤ ᠲᠣᠭᠤᠷᠢᠨ ᠳᠤ᠂ ᠠᠵᠤ ᠠᠬᠤᠶᠢᠯᠠᠯ ᠤᠨ ᠠᠵᠢᠯᠲᠠᠨ ᠤ | ᠠᠵᠢᠯ ᠤᠨ ᠣᠨᠴᠠᠯᠢᠭ ᠲᠠᠢ ᠤᠶᠠᠯᠳᠤᠭᠤᠯᠵᠤ᠂ ᠠᠵᠢᠯ ᠮᠡᠷᠭᠡᠵᠢᠯ ᠤᠨ ᠬᠤᠤᠷ ᠬᠥᠨᠥᠭᠡᠯ ᠤᠨ ᠬᠦᠴᠦᠨ ᠵᠦᠢᠯ ᠤᠨ | ᠲᠥᠷᠥᠯ ᠵᠦᠢᠯ ᠵᠢᠴᠢ ᠰᠡᠷᠭᠡᠶᠢᠯᠡᠨ ᠬᠠᠮᠠᠭᠠᠯᠠᠬᠤ ᠭᠤᠤᠯᠳᠠᠯᠭ᠎ᠠ ᠶᠢ ᠭᠤᠤᠯᠳᠠᠯᠭ᠎ᠠ ᠲᠠᠢ ᠵᠠᠳᠠᠯᠤᠨ ᠰᠢᠨᠵᠢᠯᠡᠵᠦ᠂ ᠠᠵᠤ | ᠠᠬᠤᠶᠢᠯᠠᠯ ᠨᠢ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ | ᠪᠣᠯᠤᠭᠰᠠᠨ ᠤ ᠬᠤᠪᠢ ᠳᠤ᠂ ᠡᠷᠬᠡᠪᠰᠢ ᠡᠯ᠎ᠡ ᠵᠦᠢᠯ ᠤᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠳᠤ ᠠᠮᠤᠷ ᠲᠦᠪᠰᠢᠨ ᠡᠷᠡᠭᠦᠯ ᠴᠢᠭᠢᠷᠠᠭ ᠠᠵᠢᠯ ᠤᠨ ᠣᠷᠴᠢᠨ | ᠲᠣᠭᠤᠷᠢᠨ ᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ︔ ᠠᠵᠢᠯᠲᠠᠨ ᠠᠵᠢᠯᠴᠢᠨ ᠬᠤᠪᠢ ᠬᠥᠮᠦᠨ ᠭᠡᠳ | ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢᠶᠠᠨ ᠨᠡᠮᠡᠭᠳᠡᠭᠦᠯᠵᠦ᠂ ᠬᠠᠮᠠᠭᠠᠯᠠᠯᠲᠠ ᠶᠢᠨ ᠬᠡᠷᠡᠭᠰᠡᠯ ᠢ ᠵᠥᠪ | ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠃ | 《 ᠡᠨᠡ ᠤᠳᠠᠭᠠᠨ ᠤ ᠲᠠᠶᠢᠯᠤᠮᠵᠢ ᠨᠢ ᠣᠨᠴᠠᠭᠠᠶ ᠬᠡᠷᠡᠭᠴᠡᠭᠡ ᠲᠠᠢ᠂ ᠮᠠᠰᠢ ᠣᠯᠠᠨ ᠤᠤᠯ ᠳᠠᠭᠠᠨ ᠣᠶᠢᠯᠠᠭᠠᠬᠤ | ᠥᠬᠡᠶ ᠡᠷᠡᠭᠦᠯ ᠮᠡᠨᠳᠦ ᠶᠢᠨ ᠮᠡᠳᠡᠯᠭᠡ ᠶᠢ ᠣᠯᠵᠤ ᠰᠣᠷᠣᠭᠰᠠᠨ 》ᠲᠠᠶᠢᠯᠤᠮᠵᠢ ᠳᠤ ᠣᠷᠣᠯᠴᠠᠭᠰᠠᠨ ᠠᠵᠢᠯᠲᠠᠳ | ᠴᠥᠮ ᠳᠦᠭᠦᠷᠡᠩ ᠣᠯᠤᠯᠲᠠ ᠲᠠᠢ ᠪᠣᠯᠤᠭᠰᠠᠨ ᠢᠶᠠᠨ ᠢᠯᠡᠷᠬᠡᠶᠢᠯᠡᠵᠡᠶ᠃ ᠠᠵᠤ ᠠᠬᠤᠶᠢᠯᠠᠯ ᠤᠨ ᠠᠵᠢᠯ ᠮᠡᠷᠭᠡᠵᠢᠯ ᠤᠨ | ᠡᠷᠡᠭᠦᠯ ᠬᠠᠮᠠᠭᠠᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠰᠦᠯᠵᠢᠶᠡᠨ ᠳᠡᠭᠡᠷᠡᠬᠢ ᠬᠡᠯᠪᠡᠷᠢ ᠪᠠᠷ ᠪᠥᠬᠦ | ᠠᠵᠢᠯᠲᠠᠨ ᠳᠤ ᠲᠠᠶᠢᠯᠤᠮᠵᠢ ᠶᠢᠨ ᠠᠭᠤᠯᠭ᠎ᠠ ᠶᠢ ᠳᠠᠮᠵᠢᠭᠤᠯᠤᠨ᠎ᠠ ᠭᠡᠵᠡᠶ᠃ | ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ《 ᠠᠵᠤ ᠠᠬᠤᠶᠢᠯᠠᠯ ᠳᠤ ᠣᠷᠣᠭᠤᠯᠬᠤ 》ᠠᠵᠢᠯᠯᠠᠭ᠎ᠠ ᠨᠢ | ᠠᠵᠤ ᠠᠬᠤᠶᠢᠯᠠᠯ ᠤᠨ ᠠᠵᠢᠯᠲᠠᠳ ᠲᠤ《 ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ 》 ᠤᠨ | ᠭᠤᠤᠯ ᠠᠭᠤᠯᠭ᠎ᠠ ᠶᠢ ᠨᠠᠩ ᠭᠦᠨᠵᠡᠭᠡᠶ ᠤᠶᠢᠯᠠᠭᠠᠭᠤᠯᠵᠤ᠂ ᠡᠷᠡᠭᠦᠯ᠂ ᠢᠳᠡᠪᠬᠢᠲᠡᠶ ᠠᠵᠤ ᠠᠬᠤᠶᠢᠯᠠᠯ ᠤᠨ ᠠᠵᠢᠯ ᠤᠨ | ᠣᠷᠴᠢᠨ ᠲᠣᠭᠤᠷᠢᠨ ᠢ ᠪᠣᠶ ᠪᠣᠯᠭᠠᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠡᠷᠡᠭᠦᠯ ᠰᠠᠷᠠᠭᠤᠯ ᠵᠢᠦ | ᠶᠤᠸᠠᠨ ᠤ ᠠᠵᠢᠯᠯᠠᠭ᠎ᠠ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠵᠦ᠂ ᠠᠵᠤ ᠠᠬᠤᠶᠢᠯᠠᠯ ᠳᠤ | ᠦᠢᠯᠡᠴᠢᠯᠡᠬᠦ ᠪᠣᠳᠠᠲᠠᠶ ᠦᠢᠯᠡᠳᠦᠯᠭᠡ ᠪᠣᠯᠤᠭᠰᠠᠨ ᠪᠠᠶᠢᠨ᠎ᠠ᠃ ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠯᠠᠨ ᠬᠡᠯᠪᠡᠷᠢ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ | ᠬᠡᠪᠴᠢᠶ᠎ᠡ ᠶᠢ ᠥᠷᠭᠡᠳᠬᠡᠨ᠂ ᠪᠥᠬᠦ ᠲᠤᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ | | | | | | | | |