ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ《 ᠵᠠᠭᠤᠨ ᠲᠤᠰᠬᠠᠶ ᠮᠡᠷᠭᠡᠵᠢᠯᠲᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠶᠠᠯᠠᠯ 》 ᠤᠨ ᠠᠵᠢᠯᠯᠠᠭ᠎ᠠ ᠶᠢ ᠪᠡᠯᠡᠳᠬᠡᠵᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2025/5/6
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ《 ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ 》 ᠶᠢᠨ ᠠᠵᠢᠯᠯᠠᠭ᠎ᠠ ᠶᠢ ᠢᠳᠡᠪᠬᠢᠲᠡᠶ ᠪᠡᠯᠡᠳᠬᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠰᠠᠶᠢᠲᠠᠶ ᠡᠬᠢ ᠪᠠᠶᠠᠯᠢᠭ ᠢ ᠦᠨᠳᠦᠰᠦᠨ ᠱᠠᠲᠤᠨ ᠤ ᠣᠯᠠᠨ ᠲᠦᠮᠡᠨ ᠤ ᠳᠡᠷᠭᠡᠳᠡ ᠬᠦᠷᠭᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠭᠦᠨᠵᠡᠭᠡᠶ ᠥᠷᠨᠢᠬᠦ ᠶᠢ ᠠᠬᠢᠭᠤᠯᠬᠤ ᠶᠢᠨ ᠲᠥᠯᠥᠭᠡ ᠶᠤᠮ᠃    ᠲᠣᠰ ᠤᠳᠠᠭᠠᠨ ᠤ ᠠᠵᠢᠯᠯᠠᠭ᠎ᠠ ᠨᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠡᠮᠴᠢᠯᠡᠭᠡᠨ ᠤ ᠪᠠᠶᠢᠭᠤᠯᠤᠮᠵᠢ ᠵᠡᠷᠭᠡ ᠡᠯ᠎ᠡ ᠬᠦᠷᠢᠶᠡᠨ ᠤ ᠲᠤᠰᠬᠠᠶ ᠮᠡᠷᠭᠡᠵᠢᠯᠲᠡᠨ ᠢ ᠤᠷᠢᠵᠤ᠂ ᠵᠢᠤ ᠶᠤᠸᠠᠨ ᠲᠣᠭᠤᠷᠢᠭ ᠤᠨ ᠡᠯ᠎ᠡ ᠭᠡᠷ ᠬᠤᠷᠢᠶᠠᠯᠠᠯ᠂ ᠰᠤᠷᠭᠠᠭᠤᠯᠢ᠂ ᠬᠥᠳᠡᠭᠡ ᠲᠣᠰᠬᠤᠨ ᠪᠠ ᠠᠵᠤ ᠠᠬᠤᠶᠢᠯᠠᠯ ᠳᠤ ᠭᠦᠨᠵᠡᠭᠡᠶᠢᠷᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠲᠠᠷᠢᠶᠠᠯᠠᠩ ᠤᠨ ᠮᠡᠷᠭᠡᠵᠢᠯ ᠵᠡᠷᠭᠡ ᠣᠯᠠᠨ ᠭᠤᠤᠯ ᠰᠡᠳᠦᠪ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠯᠠᠨ ᠶᠠᠩᠵᠤ ᠶᠢᠨ ᠠᠵᠢᠯᠯᠠᠭ᠎ᠠ ᠥᠷᠨᠢᠭᠦᠯᠵᠦ᠂ ᠠᠭᠤᠯᠭ᠎ᠠ ᠨᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ᠂ ᠲᠤᠬᠠᠶ ᠶᠢᠨ ᠲᠠᠯᠠᠪᠠᠶ ᠶᠢᠨ ᠯᠠᠪᠯᠠᠭ᠎ᠠ᠂ ᠮᠡᠷᠭᠡᠵᠢᠯ ᠤᠨ ᠵᠢᠯᠣᠭᠤᠳᠣᠯᠭ᠎ᠠ᠂ ᠬᠠᠷᠢᠯᠴᠠᠨ ᠣᠶᠢᠯᠠᠭᠠᠯᠴᠠᠬᠤ ᠵᠡᠷᠭᠡ ᠶᠢ ᠬᠠᠮᠤᠷᠴᠠᠶ᠃ ᠲᠤᠰᠬᠠᠶ ᠮᠡᠷᠭᠡᠵᠢᠯᠲᠡᠳ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠰᠢᠨᠵᠢᠯᠡᠬᠦ ᠤᠬᠠᠭᠠᠨ ᠤ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠨ᠂ ᠣᠯᠠᠨ ᠲᠦᠮᠡᠨ ᠤ ᠡᠷᠡᠭᠡᠯᠵᠡᠭᠡ ᠶᠢ ᠠᠯᠳᠠᠷᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠠᠯ ᠦᠷ᠎ᠡ ᠪᠦᠲᠦᠭᠡᠯ ᠪᠣᠯᠤᠨ ᠬᠡᠷᠡᠭᠯᠡᠭᠡᠨ ᠤ ᠮᠡᠷᠭᠡᠵᠢᠯ ᠢ ᠠᠷᠠᠳ ᠣᠯᠠᠨ ᠤ ᠭᠠᠷ ᠲᠤ ᠬᠦᠷᠭᠡᠨ᠎ᠡ᠃    ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠲᠠᠯ᠎ᠠ ᠪᠠᠷ᠂ ᠪᠢᠳᠡ ᠵᠢᠦ ᠶᠤᠸᠠᠨ ᠲᠣᠭᠤᠷᠢᠭ ᠤᠨ ᠪᠣᠳᠠᠲᠤ ᠪᠠᠶᠢᠳᠠᠯ ᠪᠣᠯᠤᠨ ᠣᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠤᠨ᠂ ᠵᠣᠬᠢᠶᠠᠮᠠᠯ ᠣᠶᠤᠨ ᠴᠢᠳᠠᠪᠤᠷᠢ᠂ ᠡᠷᠡᠭᠦᠯ ᠮᠡᠨᠳᠦ ᠶᠢᠨ ᠰᠤᠪᠢᠯᠠᠯᠲᠠ᠂ ᠢᠳᠡᠭᠡᠨ ᠤ ᠠᠮᠤᠷ ᠲᠦᠪᠰᠢᠨ᠂ ᠲᠠᠷᠢᠮᠠᠯ ᠤᠨ ᠲᠠᠷᠢᠮᠠᠯ ᠪᠣᠯᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠭᠤᠶᠢᠳᠠ ᠰᠠᠶᠢᠬᠠᠨ ᠠᠭᠤᠯᠭ᠎ᠠ ᠶᠢ ᠠᠪᠴᠢᠷᠠᠵᠤ᠂ ᠣᠯᠠᠨ ᠤ ᠰᠢᠨᠵᠢᠯᠡᠬᠦ ᠤᠬᠠᠭᠠᠨ ᠳᠠᠬᠢ ᠳᠤᠷ᠎ᠠ ᠰᠣᠨᠢᠷᠬᠠᠯ ᠪᠣᠯᠤᠨ ᠬᠠᠶᠢᠷ᠎ᠠ ᠶᠢ ᠬᠥᠭᠵᠢᠭᠡᠨ᠎ᠡ᠃ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠶᠢᠯᠠᠭᠠᠬᠤ ᠭᠤᠭᠴᠤᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠷᠰᠢᠯᠲᠠ ᠶᠢᠨ ᠦᠵᠡᠭᠦᠯᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ  ᠦᠢᠯᠡᠳᠬᠦᠨ ᠤ ᠦᠵᠡᠭᠦᠯᠦᠯᠭᠡ ᠵᠡᠷᠭᠡ ᠶᠢ ᠲᠣᠬᠢᠷᠠᠭᠤᠯᠵᠤ᠂ ᠣᠯᠠᠨ ᠲᠦᠮᠡᠨ ᠳᠤ ᠰᠢᠨᠵᠢᠯᠡᠬᠦ ᠤᠬᠠᠭᠠᠨ ᠤ ᠷᠢᠳᠢ ᠰᠢᠳᠢ ᠶᠢ ᠪᠡᠶ᠎ᠡ ᠪᠠᠷ ᠢᠶᠠᠨ ᠮᠡᠳᠡᠷᠡᠭᠦᠯᠵᠦ᠂ ᠰᠢᠨᠵᠢᠯᠡᠬᠦ ᠤᠬᠠᠭᠠᠨᠴᠢ ᠰᠡᠳᠬᠢᠬᠦᠶ ᠪᠠ ᠰᠢᠨ᠎ᠡ ᠶᠢ ᠡᠭᠦᠳᠬᠦ ᠤᠬᠠᠮᠰᠠᠷ ᠢ ᠬᠥᠮᠦᠵᠢᠭᠦᠯᠦᠨ᠎ᠡ᠃    ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠡᠮᠦᠨᠡᠬᠢ ᠬᠤᠭᠤᠴᠠᠭᠠᠨ ᠳᠤ ᠶᠡᠭᠡ ᠬᠡᠮᠵᠢᠶᠡᠨ ᠤ ᠪᠡᠯᠡᠳᠬᠡᠯ ᠠᠵᠢᠯ ᠬᠢᠪᠡ᠃ ᠡᠯ᠎ᠡ ᠨᠢᠭᠡᠴᠡ ᠯᠦᠭᠡ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠣᠯᠠᠨ ᠲᠦᠮᠡᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠥᠷᠭᠡᠨ ᠢᠶᠠᠷ ᠡᠯᠰᠡᠨ᠂ ᠬᠠᠷᠢᠭᠤ ᠲᠤᠰᠬᠠᠯ ᠢ ᠦᠨᠳᠦᠰᠦᠯᠡᠨ ᠲᠤᠰᠬᠠᠶ ᠮᠡᠷᠭᠡᠵᠢᠯᠲᠡᠨ ᠤ ᠨᠡᠷᠡᠰ ᠢ ᠨᠠᠷᠢᠨ ᠨᠢᠮᠪᠠᠶ ᠰᠢᠯᠢᠨ ᠰᠣᠩᠭᠤᠵᠤ ᠲᠣᠭᠲᠠᠭᠠᠬᠤ ᠶᠢᠨ ᠬᠠᠮᠲᠤ ᠠᠵᠢᠯᠯᠠᠭ᠎ᠠ ᠶᠢᠨ ᠶᠠᠪᠤᠴᠠ ᠪᠣᠯᠤᠨ ᠲᠠᠯᠠᠪᠤᠷ ᠭᠠᠵᠠᠷ ᠤᠨ ᠲᠣᠬᠢᠷᠠᠭᠤᠯᠤᠯᠲᠠ ᠪᠠᠨ ᠤᠷᠢᠳᠴᠢᠯᠠᠨ ᠲᠦᠯᠦᠪᠵᠢᠭᠦᠯᠦᠨ᠎ᠡ᠃  《 ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠶᠠᠯᠠᠯ 》 ᠤᠨ ᠠᠵᠢᠯᠯᠠᠭ᠎ᠠ ᠨᠢ ᠵᠢᠤ ᠶᠤᠸᠠᠨ ᠲᠣᠭᠤᠷᠢᠭ ᠤᠨ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠪᠢᠳᠡ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠤᠯᠠᠮ ᠣᠯᠠᠨ ᠬᠥᠮᠦᠨ ᠳᠤ ᠰᠢᠨᠵᠢᠯᠡᠬᠦ ᠤᠬᠠᠭᠠᠨ ᠢ ᠣᠶᠢᠯᠠᠭᠠᠭᠤᠯᠵᠤ᠂ ᠰᠢᠨᠵᠢᠯᠡᠬᠦ ᠤᠬᠠᠭᠠᠨ ᠢ ᠬᠠᠶᠢᠷᠠᠯᠠᠵᠤ᠂  ᠪᠦᠬᠦ ᠲᠤᠭᠤᠷᠢᠭ ᠲᠤ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠢᠤ ᠶᠤᠸᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号