ᠣᠶᠢᠷ᠎ᠠ ᠳᠤ᠂ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠬᠥᠭᠵᠢᠯᠲᠡ ᠶᠢᠨ ᠲᠥᠪ ᠤᠨ ᠴᠢᠩᠭ᠎ᠠ | ᠬᠢᠨᠠᠨ ᠬᠠᠷᠭᠤᠭᠤᠯᠤᠭᠰᠠᠨ ᠢᠶᠠᠷ᠂ ᠵᠢᠤ ᠶᠤᠸᠠᠨ ᠲᠣᠭᠤᠷᠢᠭ ᠤᠨ ᠲᠢᠶᠠᠨ ᠾᠧ ᠲᠠᠷᠢᠶᠠᠴᠢᠳ ᠤᠨ ᠲᠤᠰᠬᠠᠶ | ᠬᠤᠷᠰᠢᠶ᠎ᠠ ᠶᠢᠨ ᠳᠠᠷᠢᠭᠰᠠᠨ ᠭᠦᠵᠡᠯᠵᠡᠭᠡᠨ᠎ᠡ᠂ ᠮᠧᠶ ᠼᠤᠤ ᠲᠣᠮᠣ ᠢᠩᠲᠤᠤᠷ᠂ ᠲᠠᠷᠪᠤᠰ ᠵᠡᠷᠭᠡ ᠪᠦᠲᠦᠭᠡᠭᠳᠡᠬᠦᠨ ᠨᠢ | ᠴᠢᠨᠠᠷ ᠰᠠᠶᠢᠲᠠᠶ ᠪᠥᠭᠡᠳ ᠵᠢᠷᠤᠮᠵᠢᠭᠰᠠᠨ ᠦᠢᠯᠡᠳᠪᠦᠷᠢᠯᠡᠯ ᠤᠨ ᠶᠠᠪᠤᠴᠠ ᠪᠠᠷ ᠢᠶᠠᠨ ᠪᠣᠬᠢᠷᠲᠤᠯ ᠥᠬᠡᠶ ᠢᠳᠡᠭᠡᠨ ᠤ A | ᠲᠠᠰ ᠤᠨ ᠪᠠᠷᠢᠮᠵᠢᠶ᠎ᠠ ᠳᠤ ᠨᠡᠶᠢᠴᠡᠵᠦ᠂ ᠪᠣᠬᠢᠷᠲᠤᠯ ᠥᠬᠡᠶ ᠢᠳᠡᠭᠡᠨ ᠤ A ᠲᠠᠰ ᠤᠨ ᠪᠦᠲᠦᠭᠡᠭᠳᠡᠬᠦᠨ ᠢᠶᠠᠷ | ᠵᠢᠩᠬᠢᠨᠢ ᠪᠠᠷ ᠦᠨᠡᠮᠰᠢᠭᠳᠡᠭᠰᠡᠨ ᠪᠥᠭᠡᠳ ᠪᠣᠬᠢᠷᠲᠤᠯ ᠥᠬᠡᠶ ᠢᠳᠡᠭᠡᠨ ᠤ ᠲᠡᠮᠳᠡᠭ ᠢ ᠬᠡᠷᠡᠭᠯᠡᠬᠦ ᠶᠢ ᠵᠥᠪᠰᠢᠶᠡᠷᠡᠵᠡᠶ᠃ | ᠡᠨᠡ ᠬᠦ ᠨᠤᠲᠠᠯᠠᠯᠲᠠ ᠨᠢ ᠲᠢᠶᠠᠨ ᠾᠧ ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ ᠣᠯᠠᠨ ᠵᠢᠯ ᠤᠨ ᠲᠤᠷᠰᠢ | ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠭᠰᠠᠨ ᠢ ᠳᠡᠭᠡᠳᠦ ᠬᠡᠮᠵᠢᠶ᠎ᠡ ᠪᠠᠷ | ᠮᠡᠳᠡᠷᠡᠭᠰᠡᠨ ᠢᠶᠠᠷ ᠪᠠᠷᠠᠬᠤ ᠥᠬᠡᠶ ᠪᠠᠰᠠ ᠵᠢᠦ ᠶᠤᠸᠠᠨ ᠲᠣᠭᠤᠷᠢᠭ ᠤᠨ ᠪᠣᠬᠢᠷᠲᠤᠯ ᠥᠬᠡᠶ ᠲᠠᠷᠢᠶᠠᠯᠠᠩ ᠤᠨ | ᠬᠥᠭᠵᠢᠯᠲᠡ ᠳᠤ ᠰᠢᠨ᠎ᠡ ᠬᠡᠪ ᠳᠠᠭᠤᠷᠢᠶᠠᠯ ᠢ ᠪᠣᠶ ᠪᠣᠯᠭᠠᠭᠰᠠᠨ ᠪᠠᠶᠢᠨ᠎ᠠ᠃ | | | | ᠲᠢᠶᠠᠨ ᠾᠧ ᠲᠠᠷᠢᠶᠠᠴᠢᠳ ᠤᠨ ᠲᠤᠰᠬᠠᠶ ᠬᠤᠷᠰᠢᠶ᠎ᠠ ᠪᠠᠶᠢᠭᠤᠯᠤᠭᠳᠠᠭᠰᠠᠨ ᠠᠴᠠ ᠨᠠᠰᠢ᠂ ᠪᠣᠬᠢᠷᠲᠤᠯ ᠥᠬᠡᠶ᠂ | ᠠᠮᠢ ᠠᠬᠤᠶ᠂ ᠡᠷᠡᠭᠦᠯ ᠡᠩᠬᠡ ᠪᠠᠶᠢᠬᠤ ᠣᠶᠢᠯᠠᠭᠠᠭᠳᠠᠬᠤᠨ ᠢ ᠢᠮᠠᠭᠲᠠ ᠦᠢᠯᠡᠳᠪᠦᠷᠢᠯᠡᠯ ᠤᠨ ᠪᠥᠬᠦ ᠶᠠᠪᠤᠴᠠ ᠳᠤ | ᠲᠤᠤᠱᠯᠠᠭᠤᠯᠤᠭᠰᠠᠭᠠᠷ ᠢᠷᠡᠵᠡᠶ᠃ ᠲᠠᠷᠢᠬᠤ ᠶᠠᠪᠤᠴᠠ ᠳᠤ᠂ ᠪᠣᠬᠢᠷᠲᠤᠯ ᠦᠭᠡᠶ ᠢᠳᠡᠭᠡᠨ ᠤ A ᠲᠠᠰ ᠤᠨ | ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠷᠤᠯᠲᠠ ᠶᠢᠨ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠴᠢᠩᠭ᠎ᠠ ᠡᠵᠡᠮᠳᠡᠵᠦ᠂ ᠬᠥᠷᠥᠰᠥ ᠰᠢᠷᠣᠶ᠂ ᠤᠰᠤᠨ ᠰᠤᠷᠪᠤᠯᠵᠢ᠂ ᠠᠭᠠᠷ ᠵᠡᠷᠭᠡ | ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ ᠶᠢ ᠪᠠᠳᠤᠯᠠᠨ᠎ᠠ᠃ ᠡᠭᠦᠨ ᠤ ᠬᠠᠮᠲᠤ᠂ ᠦᠢᠯᠡᠳᠪᠦᠷᠢᠯᠡᠯ ᠤᠨ ᠬᠡᠷᠡᠭᠰᠡᠯ ᠢ | ᠬᠡᠷᠡᠭᠯᠡᠬᠦ ᠲᠠᠯ᠎ᠠ ᠪᠠᠷ ᠬᠢᠵᠠᠭᠠᠷᠯᠠᠭᠰᠠᠨ ᠬᠢᠮᠢ ᠶᠢᠨ ᠨᠡᠶᠢᠯᠡᠯᠭᠡ ᠪᠣᠳᠠᠰ ᠢ ᠬᠡᠷᠡᠭᠯᠡᠬᠦ ᠶᠢᠨ ᠬᠠᠮᠲᠤ ᠠᠮᠢᠳᠤ ᠪᠤᠳᠠᠰ ᠤᠨ | ᠤᠬᠠᠭᠠᠨ ᠤ ᠮᠡᠷᠭᠡᠵᠢᠯ ᠪᠠ ᠹᠢᠽᠢᠺ ᠤᠨ ᠠᠷᠭ᠎ᠠ ᠶᠢ ᠢᠳᠡᠪᠬᠢᠲᠠᠢ ᠬᠡᠷᠡᠭᠯᠡᠵᠦ᠂ ᠤᠷᠭᠤᠮᠠᠯ ᠤᠨ ᠯᠠᠶᠢᠰᠧᠷ ᠳ᠋ᠧᠩ | ᠨᠥᠬᠦᠪᠥᠷᠢᠯᠡᠬᠦ᠂ ᠬᠥᠷᠥᠰᠥ ᠶᠢ ᠬᠡᠮᠵᠢᠨ ᠪᠤᠷᠳᠤᠭᠤᠷ ᠨᠠᠶᠢᠷᠠᠭᠤᠯᠬᠤ ᠮᠡᠷᠭᠡᠵᠢᠯ᠂ ᠣᠷᠭᠠᠨᠢᠭ ᠪᠤᠷᠳᠤᠭᠤᠷ᠂ ᠢᠯᠵᠢᠮᠡᠭ | ᠬᠦᠴᠢᠯ ᠤᠨ ᠪᠤᠷᠳᠤᠭᠤᠷ ᠪᠠ ᠮᠢᠺᠷᠣᠪ ᠪᠠᠺᠲ᠋ᠧᠷᠢ ᠶᠢᠨ ᠡᠮ ᠤᠨ ᠬᠡᠷᠡᠭᠯᠡᠭᠡᠨ ᠤ ᠮᠡᠷᠭᠡᠵᠢᠯ᠂ ᠪᠦᠷᠬᠦᠭᠦᠯ ᠤᠨ ᠳᠣᠣᠷ᠎ᠠ | ᠲᠤᠰᠤᠯᠭᠠᠨ ᠤᠰᠤᠯᠠᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠵᠡᠷᠭᠡ ᠶᠢ ᠠᠰᠢᠭᠯᠠᠵᠤ᠂ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠠᠮᠤᠷ ᠲᠦᠪᠰᠢᠨ ᠢ ᠪᠦᠲᠦᠮᠵᠢᠲᠡᠶ ᠪᠠᠲᠤᠯᠠᠭᠰᠠᠨ ᠪᠠᠶᠢᠨ᠎ᠠ᠃ | ᠲᠣᠰ ᠤᠳᠠᠭᠠᠨ ᠤ ᠪᠣᠬᠢᠷᠲᠤᠯ ᠥᠬᠡᠶ ᠢᠳᠡᠭᠡᠨ ᠤ A ᠲᠠᠰ ᠤᠨ ᠪᠦᠲᠦᠭᠡᠭᠳᠡᠬᠦᠨ ᠢ ᠮᠠᠭᠠᠳᠯᠠᠨ ᠲᠣᠭᠲᠠᠭᠠᠬᠤ | ᠨᠢ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ | ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ ᠬᠤᠶᠢᠰᠢᠳᠠ᠂ ᠬᠤᠷᠰᠢᠶ᠎ᠠ ᠨᠢ ᠲᠤᠰ | ᠤᠳᠠᠭ᠎ᠠ ᠶᠢᠨ ᠮᠠᠭᠠᠳᠯᠠᠨ ᠲᠣᠭᠲᠠᠭᠠᠯᠲᠠ ᠪᠠᠷ ᠠᠵᠠ ᠲᠣᠬᠢᠶᠠᠯ ᠪᠣᠯᠭᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠵᠢᠤ ᠶᠤᠸᠠᠨ ᠲᠣᠭᠤᠷᠢᠭ ᠤᠨ ᠪᠣᠬᠢᠷᠲᠤᠯ ᠦᠭᠡᠢ ᠲᠠᠷᠢᠶᠠᠯᠠᠩ ᠤᠨ | ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠤᠨ᠎ᠠ᠃ ᠡᠭᠦᠨ ᠤ ᠬᠠᠮᠲᠤ᠂ ᠬᠤᠷᠰᠢᠶ᠎ᠠ ᠪᠠᠰᠠ ᠠᠵᠤ | ᠦᠢᠯᠡᠰ ᠤᠨ ᠬᠡᠯᠬᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ | ᠠᠵᠤ ᠦᠢᠯᠡᠰ ᠯᠦᠭᠡ ᠶᠢᠨ ᠠᠭᠤᠰᠤᠯᠴᠠᠯ ᠢ ᠴᠢᠩᠭᠠᠳᠬᠠᠵᠤ᠂ ᠨᠠᠩ ᠣᠯᠠᠨ ᠰᠡᠯᠡᠭᠦᠴᠡᠯ ᠤᠨ ᠲᠠᠷᠢᠶᠠᠯᠠᠩ ᠪᠠ | ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠨᠠᠩ ᠣᠯᠠᠨ | ᠵᠢᠭᠤᠯᠴᠢᠯᠠᠭᠴᠢ ᠳᠤ ᠬᠥᠳᠡᠭᠡ ᠲᠣᠰᠬᠤᠨ ᠤ ᠠᠮᠢᠳᠤᠷᠠᠯ ᠤᠨ ᠴᠡᠩᠭᠡᠯ ᠢ ᠬᠦᠷᠲᠡᠭᠡᠵᠦ᠂ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠡᠭᠦᠨ ᠠᠴᠠ ᠭᠠᠳᠠᠨ᠎ᠠ᠂ ᠵᠢᠤ | ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠴᠤ ᠪᠣᠬᠢᠷᠲᠤᠯ ᠥᠬᠡᠶ ᠢᠳᠡᠭᠡᠨ ᠢ | ᠭᠡᠷᠡᠴᠢᠯᠡᠬᠦ ᠶᠢ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠩ ᠣᠯᠠᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠠᠵᠤ ᠠᠬᠤᠶᠢᠯᠠᠯ ᠢ ᠪᠣᠬᠢᠷᠲᠤᠯ ᠥᠬᠡᠶ ᠢᠳᠡᠭᠡᠨ ᠤ | ᠭᠡᠷᠡᠴᠢᠯᠡᠯ ᠳᠤ ᠣᠷᠣᠯᠴᠠᠭᠤᠯᠬᠤ ᠶᠢ ᠵᠣᠷᠢᠭᠵᠢᠭᠤᠯᠵᠤ᠂ ᠮᠠᠨ ᠤ ᠲᠤᠭᠤᠷᠢᠭ ᠤᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠪᠠ ᠨᠠᠷᠠᠲᠤ ᠲᠡᠮᠳᠡᠭ ᠤᠨ | ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠲᠡᠶ ᠬᠥᠳᠡᠯᠭᠡᠬᠦ ᠬᠦᠴᠦ ᠨᠡᠮᠡᠷᠢᠯᠡᠬᠦ ᠪᠣᠯᠤᠨ᠎ᠠ᠃ | | | | | | |