【ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ】ᠵᠢᠦ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠣᠯᠠᠨ ᠡᠰᠢᠵᠢᠯᠲᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠠᠷᠠᠳ ᠤᠨ ᠰᠡᠳᠬᠢᠯ ᠳᠤ ᠣᠷᠣᠪᠠ
ᠨᠡᠶᠢᠲᠡᠯᠡᠭᠰᠡᠨ ᠴᠠᠭ᠄
2025/5/6
    ᠶᠡᠷᠦᠩᠬᠡᠶ ᠱᠦᠵᠢ ᠰᠢ ᠶᠢᠨ ᠫᠢᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ《 ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠵᠣᠬᠢᠶᠠᠮᠠᠯ ᠣᠶᠤᠨ ᠴᠢᠳᠠᠪᠦᠷᠢ 》 ᠢᠶᠠᠷ ᠭᠤᠤᠯ ᠰᠡᠳᠦᠪ ᠪᠣᠯᠭᠠᠵᠤ᠂ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠠᠬᠢ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂《 ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ᠂ ᠲᠥᠪ ᠭᠤᠤᠯᠴᠢ ᠪᠠᠷ ᠥᠷᠢᠰᠥᠯᠳᠦᠬᠦ 》ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠪᠠ᠃    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠤᠯᠪᠠᠰᠤᠷᠠᠯ ᠰᠤᠷᠤᠯᠴᠠᠯᠭ᠎ᠠ ᠶᠢ ᠴᠢᠩᠭ᠎ᠠ ᠠᠳᠬᠤᠨ᠎ᠠ᠃ 2025 ᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠬᠥᠮᠦᠵᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠨᠢᠭᠡ ᠲᠠᠯ᠎ᠠ ᠪᠠᠷ ᠵᠢᠦ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ 2025 ᠣᠨ ᠤ《 ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ 》 ᠤᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳᠤ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠪᠣᠳᠠᠲᠠᠶᠢᠵᠢᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠨᠥᠭᠦᠭᠡ ᠲᠠᠯ᠎ᠠ ᠪᠠᠷ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠣᠲᠣᠭᠠᠳᠤ ᠳᠤ《 ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠳᠠᠯᠳᠤᠭᠠᠨ ᠤ ᠶᠠᠪᠤᠳᠠᠯ ᠤᠨ ᠶᠠᠷᠢᠶᠠᠨ ᠤ ᠶᠡᠭᠡ ᠲᠠᠩᠬᠢᠮ 》ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠮᠡᠳᠡᠯᠭᠡ ᠶᠢ ᠰᠤᠷᠤᠯᠴᠠᠵᠤ᠂ ᠬᠡᠷᠡᠭ ᠤᠨ ᠵᠢᠱᠢᠶ᠎ᠡ ᠶᠢ ᠰᠤᠳᠤᠯᠤᠨ ᠲᠠᠶᠢᠯᠪᠤᠷᠢᠯᠠᠬᠤ᠂ ᠲᠤᠬᠠᠶ ᠶᠢᠨ ᠲᠠᠯᠠᠪᠠᠶ ᠳᠤ ᠬᠠᠷᠢᠯᠴᠠᠨ ᠬᠦᠲᠡᠯᠦᠯᠴᠡᠵᠦ ᠠᠰᠠᠭᠤᠨ  ᠬᠠᠷᠢᠭᠤᠯᠬᠤ ᠵᠡᠷᠭᠡ ᠬᠡᠯᠪᠡᠷᠢ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠭᠤᠯᠭ᠎ᠠ ᠶᠢ ᠲᠦᠭᠡᠮᠡᠯᠵᠢᠭᠦᠯᠪᠡ᠃    ᠤᠬᠠᠭᠤᠯᠭ᠎ᠠ ᠶᠢᠨ ᠬᠡᠯᠪᠡᠷᠢ ᠶᠢ ᠣᠯᠠᠨ ᠶᠠᠩᠵᠤᠴᠢᠯᠠᠵᠤ᠂ ᠠᠵᠢᠯ ᠲᠥᠷᠥᠯ ᠤᠨ ᠣᠯᠠᠨ ᠡᠰᠢᠵᠢᠯ ᠢ ᠬᠠᠮᠤᠷᠴᠠᠢ᠃ ᠬᠤᠳᠠᠯᠳᠤᠭᠠᠨ ᠤ ᠲᠠᠯᠠᠪᠠᠶ᠂ ᠬᠡᠲᠦ ᠳᠡᠯᠭᠡᠭᠦᠷ᠂ ᠮᠠᠰᠢᠨ ᠲᠡᠷᠭᠡ ᠵᠡᠷᠭᠡ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ LED ᠲᠣᠮᠣ ᠳᠡᠯᠭᠡᠴᠡ ᠪᠠᠷ ᠳᠠᠮᠵᠢᠭᠤᠯᠤᠨ 5 ᠵᠤᠷᠪᠤᠰ ᠤᠬᠠᠭᠤᠯᠭ᠎ᠠ ᠶᠢᠨ ᠯᠣᠽᠦ᠋ᠩ ᠢ ᠦᠷᠭᠦᠯᠵᠢᠯᠡᠨ ᠨᠡᠪᠲᠡᠷᠡᠭᠦᠯᠵᠦ᠂ ᠣᠯᠠᠨ ᠲᠦᠮᠡᠨ ᠳᠤ 30 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠢᠯᠲᠠᠳ ᠲᠤᠬᠠᠶ ᠶᠢᠨ ᠲᠠᠯᠠᠪᠠᠶ ᠳᠤ ᠣᠯᠠᠨ ᠲᠦᠮᠡᠨ ᠤ 10 ᠭᠠᠷᠤᠶ ᠯᠠᠪᠯᠠᠭ᠎ᠠ ᠳᠤ ᠬᠠᠷᠢᠭᠤᠯᠲᠠ ᠥᠭᠴᠦ᠂ ᠲᠤᠰᠬᠠᠶ ᠠᠰᠢᠭ᠂ ᠬᠡᠪᠯᠡᠯ ᠤᠨ ᠡᠷᠬᠡ᠂ ᠲᠠᠸᠠᠷ ᠤᠨ ᠲᠡᠮᠳᠡᠭ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠣᠭᠤᠷᠢᠨ ᠳᠤ᠂ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠨᠠᠷᠢᠨ ᠲᠦᠭᠡᠮᠡᠯᠵᠢᠭᠦᠯᠵᠦ᠂ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠵᠤ᠂ ᠣᠯᠠᠨ ᠲᠦᠮᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠪᠠ᠃     ᠬᠠᠭᠤᠴᠢᠨ ᠨᠡᠷᠡᠲᠤ ᠲᠡᠮᠳᠡᠭᠲᠦ ᠶᠢ ᠰᠤᠷᠪᠤᠯᠵᠢᠯᠡᠵᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ  ᠤᠨ《 ᠬᠤᠲᠠ ᠬᠠᠮᠠᠭᠠᠯᠠᠬᠤ ᠭᠤᠤᠯ 》 ᠢ ᠪᠠᠬᠢᠵᠢᠭᠦᠯᠦᠨ᠎ᠡ᠃ ᠵᠢᠷᠤᠮᠵᠢᠯ ᠲᠠᠢ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠶ ᠡᠵᠡᠩᠨᠡᠬᠦ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠤᠰᠠᠳᠠ᠂ ᠵᠤᠸᠠᠨ ᠯᠥᠩ ᠠᠷᠢᠬᠢᠨ ᠤ ᠦᠢᠯᠡᠰ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠡᠭᠦᠨ ᠢ ᠵᠢᠯᠣᠭᠤᠳᠤᠨ ᠥᠪᠥᠷ ᠮᠣᠩᠭᠤᠯ ᠤᠨ ᠬᠠᠭᠤᠴᠢᠨ ᠨᠠᠷᠠᠲᠤ ᠶᠢ ᠳᠠᠬᠢᠨ ᠬᠢᠨᠠᠭᠰᠠᠨ ᠮᠠᠲ᠋ᠧᠷᠢᠶᠠᠯ ᠲᠤᠰᠢᠶᠠᠬᠤ ᠶᠢᠨ ᠬᠠᠮᠲᠤ᠂《 ᠬᠠᠭᠤᠴᠢᠨ ᠨᠠᠷᠠᠲᠤ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠭᠰᠠᠨ ᠨᠡᠶᠢᠲᠡᠯᠢᠭ ᠠᠰᠠᠭᠤᠳᠠᠯ 》 ᠤᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠬᠠᠭᠤᠴᠢᠨ ᠨᠠᠷᠠᠲᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠨ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    ᠰᠢᠨᠲᠠᠷᠠᠰᠢ ᠦᠭᠡᠢ ᠵᠢᠳᠬᠦᠨ ᠴᠢᠷᠮᠠᠶᠢᠵᠤ᠂ ᠡᠭᠦᠷᠢᠳᠡ ᠭᠠᠪᠢᠶ᠎ᠠ ᠵᠢᠳᠬᠦᠯ ᠲᠠᠢ᠃ ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ《 ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ 》 ᠤᠨ ᠰᠢᠷᠢᠰ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠬᠤᠯᠠᠴᠢᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢ ᠦᠷᠭᠦᠯᠵᠢᠯᠡᠨ ᠬᠥᠲᠥᠯᠦᠨ ᠵᠢᠯᠣᠭᠤᠳᠴᠤ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠳᠤ ᠬᠤᠳᠠᠯᠳᠤᠭᠠᠨ ᠤ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号