ᠵᠢᠦ ᠶᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠰᠠᠶᠢᠬᠠᠨ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠪᠥᠬᠦ ᠤᠯᠤᠰ ᠤᠨ ᠬᠡᠦᠬᠡᠳ ᠤᠨ ᠰᠡᠷᠭᠡᠶᠢᠯᠡᠬᠦ ᠲᠠᠷᠢᠯᠭ᠎ᠠ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/7
    2025 ᠣᠨ ᠤ 4 ᠰᠠᠷ᠎ᠠ ᠶᠢᠨ 25  ᠤ ᠡᠳᠦᠷ ᠪᠣᠯ ᠪᠥᠬᠦ ᠤᠯᠤᠰ ᠤᠨ 39 ᠳ᠋ᠦᠭᠡᠷ ᠬᠡᠦᠬᠡᠳ ᠤᠨ ᠰᠡᠷᠭᠡᠶᠢᠯᠡᠬᠦ ᠲᠠᠷᠢᠯᠭ᠎ᠠ ᠶᠢᠨ ᠡᠳᠦᠷ ᠪᠣᠯᠤᠨ᠎ᠠ᠂ ᠤᠬᠠᠭᠤᠯᠭ᠎ᠠ ᠶᠢᠨ ᠭᠤᠤᠯ ᠰᠡᠳᠦᠪ ᠨᠢ《 ᠸᠡᠺᠼᠢᠨ ᠤ ᠲᠠᠷᠢᠯᠭ᠎ᠠ ᠬᠢᠵᠦ᠂ ᠡᠪᠡᠳᠴᠢᠨ ᠡᠮᠭᠡᠭ ᠢ ᠰᠡᠷᠭᠡᠶᠢᠯᠡᠨ᠂ ᠡᠷᠡᠭᠦᠯ ᠮᠡᠨᠳᠦ ᠶᠢ ᠪᠠᠲᠤᠯᠠᠬᠤ 》ᠪᠣᠯᠤᠨ᠎ᠠ᠃《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠸᠠᠺᠼᠢᠨ ᠤ ᠬᠠᠮᠢᠶᠠᠷᠤᠯᠲᠠ ᠶᠢᠨ ᠬᠠᠤᠯᠢ 》 ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠲᠠᠷᠢᠯᠭ᠎ᠠ ᠶᠢᠨ ᠤᠬᠠᠭᠤᠯᠭ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠦᠬᠦ ᠨᠡᠶᠢᠭᠡᠮ ᠤᠨ ᠬᠢᠨ ᠤ ᠰᠡᠷᠭᠡᠶᠢᠯᠡᠬᠦ ᠲᠠᠷᠢᠯᠭ᠎ᠠ ᠶᠢᠨ ᠠᠵᠢᠯ ᠳᠤ ᠣᠷᠣᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠰᠡᠷᠭᠡᠶᠢᠯᠡᠬᠦ ᠲᠠᠷᠢᠯᠭ᠎ᠠ ᠶᠢᠨ ᠠᠵᠢᠯ ᠤᠨ ᠲᠤᠬᠠᠶ ᠨᠡᠶᠢᠲᠡ ᠣᠯᠠᠨ ᠤ ᠣᠶᠢᠯᠠᠭᠠᠯᠲᠠ ᠲᠠᠨᠢᠯᠲᠠ ᠶᠢ ᠳᠡᠭᠡᠭᠰᠢᠯᠡᠭᠦᠯᠦᠨ᠂ ᠰᠡᠷᠭᠡᠶᠢᠯᠡᠬᠦ ᠲᠠᠷᠢᠯᠭ᠎ᠠ ᠶᠢᠨ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠰᠡᠷᠭᠡᠶᠢᠯᠡᠬᠦ ᠲᠠᠷᠢᠯᠭ᠎ᠠ ᠶᠢᠨ ᠠᠵᠢᠯ ᠢ ᠴᠢᠬᠤᠯᠠᠴᠢᠯᠠᠬᠤ᠂ ᠬᠠᠯᠠᠮᠵᠢᠯᠠᠬᠤ ᠪᠠ ᠳᠡᠮᠵᠢᠬᠦ ᠶᠢ ᠰᠠᠨᠠᠭᠠᠴᠢᠯᠠᠬᠤ ᠶᠢᠨ ᠲᠤᠰᠠᠳᠠ᠂ ᠵᠢᠤ ᠶᠤᠸᠠᠨ ᠲᠤᠭᠤᠷᠢᠭ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃
1111.jpg
    4 ᠰᠠᠷ᠎ᠠ ᠶᠢᠨ 25  ᠤ ᠡᠳᠦᠷ᠂ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠰᠠᠯᠠᠭᠠᠨ ᠤ ᠪᠥᠬᠦ ᠠᠵᠢᠯᠲᠠᠨ ᠪᠣᠯᠤᠨ ᠰᠠᠶᠢᠬᠠᠨ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠯᠤᠤ ᠶᠤᠸᠠᠨ ᠳᠤ ᠭᠤᠤᠯ ᠰᠡᠳᠦᠪ ᠤᠨ ᠲᠣᠭᠤᠷᠢᠨ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠵᠠᠷᠯᠠᠯ ᠨᠠᠭᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠸᠠᠺᠼᠢᠨ ᠤ ᠲᠠᠷᠢᠯᠭ᠎ᠠ ᠬᠢᠬᠦ ᠮᠡᠳᠡᠯᠭᠡ ᠶᠢ ᠲᠦᠭᠡᠮᠡᠯᠵᠢᠭᠦᠯᠦᠭᠰᠡᠨ ᠪᠥᠭᠡᠳ ᠬᠠᠪᠤᠷ ᠤᠨ ᠶᠡᠭᠡ ᠡᠭᠦᠰᠬᠦ ᠡᠪᠡᠳᠴᠢᠨ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ᠂ ᠤᠯᠠᠭᠠᠨ ᠨᠣᠳ᠂ ᠭᠠᠷ ᠬᠥᠯ ᠠᠮᠠᠨ ᠡᠪᠡᠳᠴᠢᠨ ᠵᠡᠷᠭᠡ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠤ ᠯᠠᠪᠯᠠᠯᠲᠠ ᠳᠤ ᠬᠠᠷᠢᠭᠤᠯᠲᠠ ᠥᠭᠴᠦ᠂ ᠲᠤᠬᠠᠶ ᠶᠢᠨ ᠲᠠᠯᠠᠪᠠᠶ ᠶᠢᠨ ᠬᠥᠮᠦᠰ ᠲᠠᠢ ᠢᠳᠡᠪᠬᠢᠲᠡᠶ ᠬᠥᠳᠡᠯᠦᠯᠴᠡᠵᠦ᠂ ᠤᠬᠠᠭᠤᠯᠭ᠎ᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ  ᠤᠯᠵᠠᠢ᠃    ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠬᠠᠷᠢᠶ᠎ᠠ ᠤᠷᠤᠨ ᠵᠢᠴᠢ ᠬᠡᠦᠬᠡᠳ ᠤᠨ ᠴᠡᠴᠡᠷᠯᠢᠭ ᠲᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠯᠳᠠᠪᠤᠷᠢᠲᠤ ᠡᠪᠡᠳᠴᠢᠨ ᠤ ᠮᠠᠨ ᠤ ᠡᠳᠦᠷ ᠲᠤᠲᠤᠮ ᠤᠨ ᠠᠮᠢᠳᠤᠷᠠᠯ ᠳᠤ ᠤᠴᠠᠷᠠᠭᠤᠯᠤᠭᠰᠠᠨ ᠬᠤᠤᠷ ᠬᠥᠨᠥᠭᠡᠯ ᠢ ᠤᠬᠠᠭᠤᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠲᠠᠶᠢᠯᠪᠤᠷᠢᠯᠠᠨ ᠥᠭᠴᠦ᠂ ᠰᠡᠷᠭᠡᠶᠢᠯᠡᠬᠦ ᠲᠠᠷᠢᠯᠭ᠎ᠠ ᠶᠢᠨ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠶᠢ ᠬᠢᠵᠠᠭᠠᠷᠯᠠᠬᠤ ᠦᠢᠯᠡᠳᠦᠯ ᠵᠢᠴᠢ ᠡᠷᠡᠭᠦᠯ ᠬᠠᠮᠠᠭᠠᠯᠠᠯ ᠳᠤ ᠬᠤᠯᠪᠤᠭᠳᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠤᠬᠠᠭᠤᠯᠵᠤ᠂ ᠮᠠᠰᠢ ᠰᠠᠶᠢᠨ ᠦᠷ᠎ᠡ ᠪᠦᠲᠦᠮᠵᠢ ᠤᠯᠪᠠ᠃    ᠲᠣᠰ ᠤᠳᠠᠭᠠᠨ ᠤ ᠠᠵᠢᠯᠯᠠᠭ᠎ᠠ ᠨᠢ ᠨᠡᠶᠢᠲᠡ 30 ᠭᠠᠷᠤᠶ ᠤᠬᠠᠭᠤᠯᠭ᠎ᠠ ᠶᠢᠨ ᠵᠠᠷᠯᠠᠯ ᠢ ᠨᠠᠭᠠᠵᠤ᠂ 1000 ᠭᠠᠷᠤᠶ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂《 ᠸᠡᠺᠼᠢᠨ ᠤ ᠲᠠᠷᠢᠯᠭ᠎ᠠ ᠬᠢᠵᠦ᠂ ᠡᠪᠡᠳᠴᠢᠨ ᠡᠮᠭᠡᠭ ᠢ ᠰᠡᠷᠭᠡᠶᠢᠯᠡᠨ᠂ ᠡᠷᠡᠭᠦᠯ ᠮᠡᠨᠳᠦ ᠶᠢ ᠪᠠᠲᠤᠯᠠᠬᠤ 》 ᠳᠤ ᠪᠦᠷᠢᠨ ᠲᠡᠭᠦᠯᠳᠡᠷ ᠲᠠᠶᠢᠯᠪᠤᠷᠢᠯᠠᠯᠲᠠ ᠬᠢᠵᠦ᠂ ᠣᠯᠠᠨ ᠨᠡᠶᠢᠲᠡ ᠶᠢᠨ ᠰᠡᠷᠭᠡᠶᠢᠯᠡᠬᠦ ᠲᠠᠷᠢᠯᠭ᠎ᠠ ᠶᠢᠨ ᠲᠤᠬᠠᠶ ᠲᠠᠨᠢᠯᠲᠠ ᠪᠠ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠬᠢᠬᠦ ᠨᠢ ᠬᠤᠪᠢ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠴᠢᠬᠤᠯᠠ ᠠᠷᠭ᠎ᠠ ᠪᠠᠷᠢᠯ ᠪᠣᠯᠬᠤ ᠪᠠᠷ ᠪᠠᠷᠠᠬᠤ ᠥᠬᠡᠶ᠂ ᠨᠠᠩ ᠴᠤ ᠬᠠᠮᠲᠤᠯᠢᠭ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠵᠤ᠂ ᠬᠠᠯᠳᠠᠪᠤᠷᠢᠲᠤ ᠡᠪᠡᠳᠴᠢᠨ ᠤ ᠲᠠᠷᠬᠠᠯᠲᠠ ᠶᠢ ᠲᠠᠰᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠶᠢ ᠣᠶᠢᠯᠠᠭᠠᠵᠤ᠂ ᠰᠡᠷᠭᠡᠶᠢᠯᠡᠬᠦ ᠲᠠᠷᠢᠯᠭ᠎ᠠ ᠶᠢᠨ ᠠᠵᠢᠯ ᠳᠤ ᠪᠥᠬᠦ ᠨᠡᠶᠢᠭᠡᠮ ᠢᠶᠠᠷ ᠢᠶᠠᠨ ᠠᠩᠬᠠᠷᠤᠯ ᠲᠠᠯᠪᠢᠬᠤ ᠪᠠ ᠣᠷᠣᠯᠴᠠᠬᠤ ᠶᠢ ᠤᠷᠢᠶᠠᠯᠠᠵᠤ᠂ ᠨᠠᠩ ᠶᠡᠭᠡ ᠬᠡᠮᠵᠢᠶᠡᠨ ᠳᠡᠭᠡᠷ᠎ᠡ ᠬᠠᠯᠳᠠᠪᠤᠷᠢᠲᠤ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠪᠥᠬᠦ ᠲᠤᠭᠤᠷᠢᠭ ᠤᠨ ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号