ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠶᠢᠨ | ᠲᠥᠯᠥᠭᠡ᠂ ᠭᠡᠷ ᠬᠤᠷᠢᠶᠠᠯᠠᠯ ᠪᠣᠯᠤᠨ ᠬᠠᠮᠲᠤ ᠪᠠᠷ ᠪᠠᠶᠢᠭᠤᠯᠬᠤ ᠨᠢᠭᠡᠴᠡ ᠶᠢᠨ ᠬᠤᠭᠤᠷᠣᠨᠳᠣᠬᠢ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠬᠤ ᠶᠢᠨ ᠲᠦᠯᠦᠭᠡ᠃ ᠣᠶᠢᠷ᠎ᠠ ᠳᠤ᠂ ᠰᠢᠩ ᠶᠤᠸᠠᠨ ᠭᠡᠷ ᠬᠤᠷᠢᠶᠠᠯᠠᠯ ᠤᠨ ᠨᠠᠮ ᠤᠨ | ᠡᠭᠦᠷ ᠬᠠᠮᠲᠤᠷᠠᠨ ᠪᠠᠶᠢᠭᠤᠯᠤᠭᠰᠠᠨ ᠨᠢᠭᠡᠴᠡ ᠪᠤᠭᠤᠲᠤ ᠶᠢᠨ ᠮᠧᠬᠠᠨᠢᠭ ᠤᠨ ᠠᠵᠤ ᠦᠢᠯᠡᠳᠪᠦᠷᠢ ᠶᠢᠨ ᠠᠵᠢᠯ | ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ᠪᠤᠭᠤᠲᠤ ᠶᠢᠨ ᠪᠣᠯᠣᠳ ᠲᠡᠮᠦᠷ ᠤᠨ ( ᠪᠦᠯᠦᠭᠯᠡᠯ ) ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠬᠦᠷᠴᠦ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠪᠡ᠃ | | | | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠠᠵᠢᠯᠲᠠᠳ ᠤᠨ ᠲᠠᠭᠠᠭᠤᠯᠭ᠎ᠠ ᠪᠠᠷ᠂ ᠤᠯᠠᠨ ᠢᠶᠠᠷ ᠢᠶᠠᠨ ᠡᠩ | ᠲᠡᠷᠢᠭᠦᠨ ᠳᠤ《 ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠦᠷ ᠤᠨ | ᠦᠢᠯᠡᠳᠪᠦᠷᠢ ᠶᠢ ᠪᠦᠳᠦᠭᠡᠨ ᠪᠠᠶᠢᠭᠤᠯᠬᠤ》 ᠶᠢᠨ ᠦᠵᠡᠭᠦᠯᠭᠡ ᠶᠢᠨ ᠣᠷᠳᠣᠨ ᠳᠤ ᠤᠷᠤᠪᠠ᠃ ᠣᠷᠳᠣᠨ ᠤ | ᠳᠣᠲᠣᠷᠠᠬᠢ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯᠡᠰ᠂ ᠬᠤᠪᠣᠷ ᠨᠠᠨᠳᠢᠨ ᠭᠡᠷᠡᠯ ᠵᠢᠷᠤᠭ ᠵᠢᠴᠢ ᠨᠠᠷᠢᠨ | ᠪᠣᠳᠠᠲᠠᠢ ᠦᠰᠦᠭ ᠪᠢᠴᠢᠭ ᠤᠨ ᠮᠠᠲ᠋ᠧᠷᠢᠶᠠᠯ ᠨᠢ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠪᠡᠯᠡᠳᠬᠡᠯ | ᠪᠦᠳᠦᠭᠡᠨ ᠪᠠᠶᠢᠭᠤᠯᠤᠯᠲᠠ ᠠᠴᠠ ᠬᠥᠭᠵᠢᠨ ᠪᠤᠵᠠᠭᠠᠢᠢᠷᠠᠬᠤ ᠬᠦᠷᠲᠡᠯᠡᠬᠢ ᠪᠡᠷᠬᠡ ᠬᠠᠲᠠᠭᠤᠵᠢᠯᠲᠠᠢ ᠥᠩᠭᠡᠷᠡᠯᠲᠡ ᠶᠢ | ᠠᠮᠢᠳᠤᠯᠢᠭ ᠢᠶᠠᠷ ᠢᠯᠡᠷᠡᠭᠦᠯᠵᠡᠢ᠃ ᠨᠠᠮ ᠤᠨ ᠭᠡᠰᠢᠭᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂《 ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠶᠢ ᠪᠦᠳᠦᠭᠡᠨ | ᠪᠠᠶᠢᠭᠤᠯᠬᠤ 》ᠠᠭᠤᠤ ᠶᠡᠭᠡ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ | ᠲᠡᠮᠡᠴᠡᠬᠦ ᠬᠦᠴᠦᠷᠬᠡᠭ ᠶᠡᠭᠡ ᠬᠦᠴᠦᠨ ᠵᠢᠴᠢ ᠠᠬᠠᠮᠠᠳ ᠨᠢᠭᠡ ᠦᠶ᠎ᠡ ᠶᠢᠨ ᠪᠦᠳᠦᠭᠡᠨ ᠪᠠᠶᠢᠭᠤᠯᠤᠭᠴᠢᠳ ᠤᠨ ᠬᠠᠷᠠᠮ | ᠦᠭᠡᠢ ᠵᠣᠷᠢᠭᠤᠯᠬᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠡᠷᠬᠢᠮ ᠳᠡᠭᠡᠳᠦ ᠵᠠᠩ ᠴᠢᠨᠠᠷ ᠢ ᠭᠦᠨᠵᠡᠭᠡᠢ ᠣᠶᠢᠯᠠᠭᠠᠪᠠ᠃ | ᠳᠡᠯᠭᠡᠨ ᠦᠵᠡᠭᠦᠯᠬᠦ ᠣᠷᠳᠣᠨ ᠠᠴᠠ ᠭᠠᠷᠴᠤ ᠢᠷᠡᠭᠰᠡᠨ ᠤ ᠲᠠᠷᠠᠭ᠎ᠠ᠂ ᠤᠯᠠᠨ ᠢᠶᠠᠷ ᠢᠶᠠᠨ ᠪᠤᠭᠤᠲᠤ ᠶᠢᠨ | ᠪᠤᠯᠤᠳ ᠲᠡᠮᠤᠷ ᠤᠨ ᠣᠳᠣᠬᠢᠴᠢᠯᠠᠯᠲᠠ ᠶᠢᠨ ᠦᠢᠯᠡᠳᠪᠦᠷᠢᠯᠡᠯ ᠤᠨ ᠲᠠᠰᠤᠭ ᠲᠤ ᠬᠦᠷᠴᠦ᠂ ᠤᠢᠢᠷ᠎ᠠ ᠵᠠᠢ ᠠᠴᠠ | ᠪᠤᠯᠤᠳ ᠲᠡᠮᠤᠷ ᠤᠨ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠵᠤ᠂ ᠤᠯᠠᠨ ᠢᠶᠠᠷ ᠢᠶᠠᠨ ᠪᠤᠭᠤᠲᠤ ᠶᠢᠨ ᠪᠤᠯᠤᠳ | ᠲᠡᠮᠤᠷ ᠤᠨ ᠺᠣᠮᠫᠠᠨᠢ ᠶᠢᠨ ᠪᠤᠯᠤᠳ ᠲᠡᠮᠤᠷ ᠤᠨ ᠬᠦᠷᠢᠶᠡᠨ ᠳᠤ ᠣᠯᠤᠭᠰᠠᠨ ᠭᠠᠷᠮᠠᠭᠠᠢ ᠠᠮᠵᠢᠯᠲᠠ ᠪᠦᠲᠦᠮᠵᠢ ᠶᠢ | ᠮᠠᠭᠲᠠᠨ ᠰᠠᠶᠢᠰᠢᠶᠠᠵᠤ᠂ ᠠᠵᠤ ᠦᠢᠯᠡᠳᠪᠦᠷᠢ ᠶᠢᠨ ᠣᠳᠣᠬᠢᠴᠢᠯᠠᠯᠲᠠ ᠶᠢᠨ ᠰᠦᠷ ᠬᠦᠴᠦᠨ ᠢ ᠣᠯᠵᠤ ᠬᠠᠷᠠᠵᠠᠢ᠃ | ᠲᠤᠰ ᠤᠳᠠᠭ᠎ᠠ ᠶᠢᠨ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠨᠢ ᠨᠠᠮ ᠤᠨ ᠭᠡᠰᠢᠭᠦᠳ ᠲᠤ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠲᠡᠦᠬᠡ ᠪᠣᠯᠤᠨ ᠰᠣᠶᠣᠯ ᠢ ᠭᠦᠨᠵᠡᠭᠡᠢ ᠤᠢᠢᠯᠠᠭᠠᠭᠤᠯᠤᠭᠰᠠᠨ ᠢᠶᠠᠷ | ᠪᠠᠷᠠᠬᠤ ᠦᠭᠡᠢ᠂ ᠨᠡᠩ ᠴᠤ ᠤᠯᠠᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢ ᠬᠥᠭᠵᠢᠭᠡᠪᠡ᠃ | ᠵᠠᠯᠭᠠᠭᠠᠳ᠂ ᠰᠢᠩ ᠶᠤᠸᠠᠨ ᠭᠡᠷ ᠬᠤᠷᠢᠶᠠᠯᠠᠯ ᠤᠨ ᠨᠠᠮ ᠤᠨ ᠡᠭᠦᠷ ᠪᠣᠯᠤᠨ ᠡᠯ᠎ᠡ ᠬᠠᠮᠲᠤ ᠪᠠᠷ ᠪᠠᠶᠢᠭᠤᠯᠬᠤ ᠨᠢᠭᠡᠴᠡ | ᠦᠷᠭᠦᠯᠵᠢᠯᠡᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ | ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠭᠡᠷ ᠬᠤᠷᠢᠶᠠᠯᠠᠯ ᠤᠨ ᠡᠶ᠎ᠡ | ᠵᠣᠬᠢᠴᠠᠩᠭᠤᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ | | | | | | |