ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ | ᠰᠠᠶᠢᠲᠤᠷ ᠬᠢᠵᠦ᠂ ᠡᠯ᠎ᠡ ᠲᠦᠷᠦᠯ ᠤᠨ ᠠᠶᠤᠯᠭᠦᠢ ᠶᠢᠨ ᠠᠳᠡᠯ ᠡᠭᠦᠰᠬᠦ ᠶᠢ ᠪᠦᠲᠦᠮᠵᠢᠲᠡᠢ ᠰᠡᠷᠭᠡᠶᠢᠯᠡᠬᠦ ᠶᠢᠨ | ᠲᠥᠯᠥᠭᠡ᠂ 4 ᠰᠠᠷ᠎ᠠ ᠶᠢᠨ 29 ᠤ ᠡᠳᠦᠷ᠂ ᠬᠤᠷᠢᠨᠭᠡᠷ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠪᠠ | ᠪᠦᠳᠦᠭᠡᠨ ᠪᠠᠶᠢᠭᠤᠯᠤᠯᠲᠠ ᠶᠢᠨ ᠠᠯᠪᠠᠨ ᠭᠡᠷ (ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠵᠠᠮ | ᠬᠠᠷᠢᠯᠴᠠᠭ᠎ᠠ ) ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠲᠠᠢ ᠬᠠᠮᠲᠤᠷᠠᠨ ᠬᠠᠮᠲᠤᠷᠠᠭᠰᠠᠨ | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠳᠤᠮᠳᠠᠳᠤ ᠤᠯᠤᠰ ᠤᠨ ᠪᠠᠶᠢᠭᠤᠯᠤᠭᠰᠠᠨ ᠵᠢᠶᠠᠩᠰᠦ ᠶᠢᠨ ᠭᠤᠷᠪᠠᠨ | ᠪᠦᠳᠦᠭᠡᠨ ᠪᠠᠶᠢᠭᠤᠯᠤᠯᠲᠠ ᠶᠢᠨ ᠪᠠᠯᠭᠠᠰᠤᠨ ᠤ ᠳᠣᠲᠣᠷ᠎ᠠ ᠳᠠᠭᠠᠭᠠᠴᠢᠯᠠᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ | ᠲᠦᠷᠦᠯ ᠵᠦᠢᠯ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠵᠦ᠂《 ᠥᠴᠦᠬᠡᠨ ᠴᠦ | ᠠᠭᠤᠴᠢᠯᠠᠬᠤ ᠦᠭᠡᠢ 》ᠣᠪᠣᠷ ᠢᠶᠠᠷ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠪᠠ᠃ | | | | ᠪᠠᠶᠢᠴᠠᠭᠠᠬᠤ ᠳᠤᠭᠤᠶᠢᠯᠠᠩ ᠨᠢ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ᠂ | ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠵᠢᠯᠯᠠᠭᠠᠨ᠂ | ᠠᠵᠢᠯᠲᠠᠨ ᠤ ᠠᠵᠢᠯᠯᠠᠭᠠᠨ ᠤ ᠵᠢᠷᠤᠮᠵᠢᠯ ᠵᠡᠷᠭᠡ ᠭᠤᠤᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠰᠢᠷᠠᠮ ᠢᠶᠠᠷ ᠠᠰᠠᠭᠤᠨ | ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠦᠷ ᠴᠠᠭ ᠴᠠᠬᠢᠯᠭᠠᠨ ᠬᠡᠷᠡᠭᠯᠡᠬᠦ᠂ ᠥᠨᠳᠥᠷ ᠳᠡᠭᠡᠷ᠎ᠡ | ᠠᠵᠢᠯᠯᠠᠬᠤ ᠶᠢᠨ ᠰᠡᠷᠭᠡᠶᠢᠯᠡᠨ ᠬᠠᠮᠠᠭᠠᠯᠠᠯᠲᠠ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠪᠠᠶᠢᠷᠢᠯᠠᠭᠤᠯᠬᠤ | ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠪᠠᠶᠢᠴᠠᠭᠠᠯᠲᠠ ᠳᠤ ᠣᠷᠣᠰᠢᠵᠤ ᠪᠠᠶᠢᠭ᠎ᠠ ᠠᠮᠤᠷ | ᠲᠦᠪᠰᠢᠨ ᠤ ᠰᠡᠷᠡᠮᠵᠢ ᠶᠢᠨ ᠲᠡᠮᠳᠡᠭ ᠪᠠᠭ᠎ᠠ ᠲᠠᠯᠪᠢᠭᠰᠠᠨ᠂ ᠲᠤᠬᠠᠶ ᠶᠢᠨ ᠲᠠᠯᠠᠪᠠᠶ ᠳᠤ ᠪᠠᠷᠢᠯᠭ᠎ᠠ ᠶᠢᠨ ᠮᠠᠲ᠋ᠧᠷᠢᠶᠠᠯ | ᠡᠮᠬᠢ ᠵᠠᠮᠪᠠᠷᠠᠭ᠎ᠠ ᠥᠬᠡᠶ ᠣᠪᠣᠭᠠᠯᠠᠭᠰᠠᠨ ᠵᠡᠷᠭᠡ ᠳᠠᠯᠳᠠ ᠬᠡᠮ ᠤᠷᠤᠰᠢᠵᠤ ᠪᠤᠢ᠃ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠭᠠᠵᠠᠷ ᠲᠤ ᠪᠠᠷᠢᠯᠭ᠎ᠠ ᠪᠠᠷᠢᠬᠤ ᠨᠢᠭᠡᠴᠡ ᠳᠤ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ | ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠠᠵᠤ ᠠᠬᠤᠶᠢᠯᠠᠯ ᠢ ᠠᠶᠦᠯᠭᠦᠢ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ | ᠳᠠᠷᠤᠢ ᠳᠤᠨᠢ ᠦᠭᠡᠷᠡᠴᠢᠯᠡᠵᠦ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠠᠮᠤᠷ ᠲᠦᠪᠰᠢᠨ ᠤ ᠬᠡᠮ | ᠰᠣᠭᠤᠭ ᠢ ᠪᠥᠬᠦ ᠲᠠᠯ᠎ᠠ ᠪᠠᠷ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ | ᠳᠡᠳ᠋ ᠪᠠᠯᠭᠠᠰᠤᠨ ᠤ ᠳᠠᠷᠤᠭ᠎ᠠ ᠵᠢᠶ ᠪᠢᠩ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠴᠢᠬᠤᠯᠠᠴᠢᠯᠠᠭᠰᠠᠨ ᠨᠢ᠂ | ᠪᠠᠷᠢᠯᠭ᠎ᠠ ᠶᠢᠨ ᠨᠢᠭᠡᠴᠡ《 ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ | ᠪᠣᠯᠭᠠᠵᠤ᠂ ᠶᠡᠷᠦᠩᠬᠡᠶᠢᠯᠡᠨ ᠵᠠᠰᠠᠬᠤ 》ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢ ᠴᠢᠩᠭᠠᠳᠬᠠᠵᠤ᠂ ᠬᠡᠮ ᠰᠣᠭᠤᠭ ᠢ ᠴᠡᠭᠴᠡᠯᠡᠨ | ᠰᠠᠶᠢᠵᠢᠷᠠᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠲᠠᠷᠠᠭᠠᠴᠢ ᠪᠠᠷ᠂ ᠬᠤᠷᠢᠨᠭᠡᠷ ᠪᠠᠯᠭᠠᠰᠤ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠦᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂《 ᠡᠷᠬᠢᠨ | ᠬᠠᠷᠠᠬᠤ》ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂《 5·1 》 ᠤ ᠠᠮᠠᠷᠠᠯᠲᠠ ᠶᠢᠨ | ᠬᠤᠭᠤᠴᠠᠭᠠᠨ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | | | | | | |