ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ | ᠲᠦᠪᠰᠢᠨ ᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠠᠯ ᠤᠨ ᠭᠠᠮᠰᠢᠭ ᠤᠨ ᠠᠳᠡᠯ ᠡᠭᠦᠰᠬᠦ ᠶᠢ | ᠪᠦᠲᠦᠮᠵᠢᠲᠡᠢ ᠰᠡᠷᠭᠡᠶᠢᠯᠡᠬᠦ ᠪᠠ ᠬᠤᠷᠢᠭᠯᠠᠬᠤ ᠶᠢᠨ ᠲᠥᠯᠥᠭᠡ᠂ ᠤᠢᠢᠷ᠎ᠠ ᠳᠤ᠂ ᠬᠤᠷᠢᠨᠭᠡᠷ ᠪᠠᠯᠭᠠᠰᠤᠨ ᠤ ᠬᠠᠤᠯᠢ | ᠬᠡᠷᠡᠭᠵᠢᠭᠦᠯᠬᠦ ᠳᠥᠷᠪᠡᠳᠦᠭᠡᠷ ᠳᠤᠮᠳᠠ ᠠᠩᠬᠢ ᠪᠠᠯᠭᠠᠰᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠷᠳᠡᠭᠡ ᠲᠠᠢ | ᠬᠠᠮᠲᠤᠷᠠᠨ ᠬᠠᠷᠢᠶᠠᠲᠤ ᠣᠷᠣᠨ ᠤ《 ᠶᠢᠰᠦᠨ ᠪᠠᠭ᠎ᠠ ᠲᠠᠯᠠᠪᠤᠷ 》 ᠲᠤ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠵᠢᠴᠢ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠪᠠᠶᠢᠴᠠᠭᠠᠬᠤ ᠶᠠᠪᠤᠴᠠ ᠳᠤ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠶᠢᠰᠦᠨ ᠪᠠᠭ᠎ᠠ ᠲᠠᠯᠠᠪᠤᠷ ᠤᠨ ᠭᠠᠯ | ᠤᠨᠲᠠᠷᠠᠭᠠᠬᠤ ᠪᠡᠯᠡᠳᠬᠡᠮᠵᠢ ᠲᠣᠬᠢᠷᠠᠭᠤᠯᠤᠭᠰᠠᠨ ᠨᠢ ᠪᠦᠷᠢᠨ ᠭᠦᠢᠴᠡᠳ ᠡᠰᠡᠬᠦ᠂ ᠲᠠᠷᠬᠠᠭᠠᠬᠤ ᠨᠡᠪᠲᠡᠷᠡᠯ ᠵᠠᠮ ᠨᠢ | ᠰᠠᠭᠠᠳ ᠥᠬᠡᠶ ᠪᠠᠶᠢᠬᠤ ᠡᠰᠡᠬᠦ᠂ ᠴᠠᠬᠢᠯᠭᠠᠨ ᠤ ᠱᠤᠭᠤᠮ ᠨᠢ ᠵᠢᠷᠤᠮᠵᠢᠯ ᠲᠠᠢ ᠪᠠᠶᠢᠬᠤ ᠡᠰᠡᠬᠦ᠂ ᠭᠠᠯ ᠬᠡᠷᠡᠭᠯᠡᠬᠦ | ᠴᠠᠬᠢᠯᠭᠠᠨ ᠬᠡᠷᠡᠭᠯᠡᠬᠦ ᠨᠢ ᠠᠮᠤᠷ ᠲᠦᠪᠰᠢᠨ ᠪᠠᠶᠢᠬᠤ ᠡᠰᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠠᠷᠢᠯᠢᠭ | ᠵᠢᠭᠰᠠᠭᠠᠨ ᠪᠠᠶᠢᠴᠠᠭᠠᠬᠤ ᠶᠢᠨ ᠬᠠᠮᠲᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠭᠠᠯ ᠤᠨᠲᠠᠷᠠᠭᠠᠭᠤᠷ ᠤᠨ | ᠬᠤᠭᠤᠴᠠᠭ᠎ᠠ ᠨᠢ ᠬᠡᠲᠦᠷᠡᠭᠰᠡᠨ᠂ ᠡᠯᠳᠡᠪ ᠪᠣᠳᠠᠰ ᠨᠢ ᠠᠮᠤᠷ ᠲᠦᠪᠰᠢᠨ ᠭᠠᠷᠬᠤ ᠡᠭᠦᠳᠡ ᠶᠢ ᠪᠥᠭᠯᠡᠭᠰᠡᠨ ᠵᠡᠷᠭᠡ | ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ | ᠮᠡᠳᠡᠭᠳᠡᠯ ᠤᠨ ᠪᠢᠴᠢᠭ ᠪᠠᠭᠤᠯᠭᠠᠵᠤ᠂ ᠲᠠᠯᠠᠪᠤᠷ ᠤᠨ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ ᠭᠡᠵᠦ ᠱᠠᠭᠠᠷᠳᠠᠪᠠ᠃ | ᠡᠭᠦᠨ ᠤ ᠬᠠᠮᠲᠤ᠂ ᠠᠵᠢᠯᠲᠠᠳ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠵᠢᠴᠢ ᠣᠶᠢᠷ᠎ᠠ ᠬᠠᠪᠢ ᠶᠢᠨ ᠣᠯᠠᠨ | ᠲᠦᠮᠡᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠯ ᠤᠨ ᠠᠶᠤᠯ ᠢ ᠰᠡᠷᠭᠡᠶᠢᠯᠡᠬᠦ᠂ | ᠡᠬᠢᠨ ᠤ ᠬᠤᠭᠤᠴᠠᠭᠠᠨ ᠤ ᠭᠠᠯ ᠤᠨ ᠠᠶᠤᠯ ᠠᠴᠠ ᠠᠪᠤᠷᠠᠬᠤ᠂ ᠲᠠᠷᠬᠠᠭᠠᠨ ᠠᠮᠢ ᠵᠢᠭᠤᠲᠠᠭᠤᠯᠬᠤ ᠵᠡᠷᠭᠡ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠨᠡᠶᠢᠲᠡᠯᠢᠭ ᠬᠡᠷᠡᠭ ᠤᠨ | ᠵᠠᠳᠠᠯᠤᠯᠲᠠ ᠪᠠᠷ ᠳᠠᠮᠵᠢᠭᠤᠯᠤᠨ᠂ ᠣᠯᠠᠨ ᠲᠦᠮᠡᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠦᠵᠡᠯ | ᠤᠬᠠᠮᠰᠠᠷ ᠪᠠ ᠥᠪᠡᠰᠦᠪᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠲᠣᠰ | ᠤᠳᠠᠭᠠᠨ ᠤ ᠠᠵᠢᠯᠯᠠᠭ᠎ᠠ ᠳᠤ ᠨᠡᠶᠢᠲᠡ 20《 ᠶᠢᠰᠦᠨ ᠪᠠᠭ᠎ᠠ ᠲᠠᠯᠠᠪᠤᠷ 》 ᠢ ᠪᠠᠶᠢᠴᠠᠭᠠᠵᠤ᠂ 1 ᠳᠠᠯᠳᠠ ᠬᠡᠮ ᠢ | ᠢᠯᠡᠷᠡᠭᠦᠯᠵᠦ᠂ 1 ᠲᠤᠬᠠᠶ ᠶᠢᠨ ᠲᠠᠯᠠᠪᠠᠶ ᠳᠤ ᠴᠡᠭᠴᠡᠯᠡᠨ ᠵᠠᠰᠠᠵᠤ᠂ 30 ᠭᠠᠷᠤᠶ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠪᠠ᠃ | | | | | | |