ᠵᠢᠤ ᠶᠤᠸᠠᠨ ᠲᠤᠭᠤᠷᠢᠭ ᠤᠨ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠶ ᠠᠬᠢᠭᠤᠯᠵᠤ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 27 | ᠤ ᠡᠳᠦᠷ᠂ ᠵᠢᠤ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠪᠤᠷ ᠤᠨ ᠤᠯᠠᠷᠢᠯ ᠤᠨ | ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠪᠠ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ | ᠳᠠᠷᠤᠭ᠎ᠠ ᠸᠧᠨ ᠵᠢᠶᠧ ᠬᠤᠷᠠᠯ ᠢ ᠡᠷᠭᠢᠯᠡᠵᠦ᠂ ᠥᠪᠥᠷ ᠮᠣᠩᠭᠤᠯ ᠤᠨ ᠤᠤ ᠼᠢ ᠹᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ᠂ ᠵᠢᠤ ᠶᠤᠸᠠᠨ ᠲᠤᠭᠤᠷᠢᠭ ᠤᠨ | ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠤᠳᠤᠷᠢᠳᠬᠤ ᠪᠠᠭ ᠵᠢᠴᠢ ᠬᠠᠮᠢᠶ᠎ᠠ ᠪᠥᠬᠦᠶ | ᠠᠵᠢᠯᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠢ ᠥᠷᠨᠢᠭᠦᠯᠦᠭᠰᠡᠨ ᠠᠴᠠ ᠨᠠᠭᠠᠰᠢ᠂ ᠵᠢᠤ ᠶᠤᠸᠠᠨ ᠲᠤᠭᠤᠷᠢᠭ ᠤᠨ ᠨᠢᠭᠡᠨᠲᠡ ᠣᠯᠤᠭᠰᠠᠨ ᠱᠠᠲᠤᠴᠢ ᠴᠢᠨᠠᠷᠲᠠᠶ | ᠦᠷ᠎ᠡ ᠪᠦᠲᠦᠮᠵᠢ᠂ ᠪᠥᠬᠦ ᠲᠤᠭᠤᠷᠢᠭ ᠤᠨ ᠡᠭᠡᠯᠢᠯᠡᠭᠡ ᠶᠢᠨ ᠮᠠᠯ ᠵᠢᠭᠦᠷᠲᠡᠨ ᠨᠡᠶᠢᠲᠡ 114.3 ᠲᠦᠮᠡᠨ ᠲᠣᠯᠣᠭᠠᠶ | ᠪᠠᠶᠢᠵᠤ᠂ ᠡᠭᠡᠯᠢᠯᠡᠭᠡ ᠶᠢᠨ ᠸᠠᠺᠼᠢᠨ ᠳᠤ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ | ᠲᠠᠭᠰᠢᠭᠤᠷ᠂ ᠦᠬᠡᠷ ᠬᠤᠨᠢ ᠭᠠᠭ᠋ᠠᠶ ᠶᠢᠨ ᠰᠢᠯᠦᠬᠡᠶ ᠡᠪᠡᠳᠴᠢᠨ᠂ ᠬᠡᠪᠢᠬᠦ ᠮᠠᠯ ᠤᠨ ᠬᠢᠵᠢᠭ ᠵᠡᠷᠭᠡ ᠬᠦᠨᠳᠦ ᠶᠡᠭᠡ | ᠠᠮᠢᠲᠠᠨ ᠤ ᠬᠢᠵᠢᠭ ᠡᠪᠡᠳᠴᠢᠨ ᠢ ᠬᠠᠮᠤᠷᠴᠠᠶ ᠭᠡᠵᠦ ᠵᠠᠷᠯᠠᠨ ᠮᠡᠳᠡᠭᠳᠡᠪᠡ᠃ ᠬᠤᠷᠠᠯ ᠠᠴᠠ᠂ ᠡᠮᠦᠨᠡᠬᠢ | ᠬᠤᠭᠤᠴᠠᠭᠠᠨ ᠤ ᠬᠢᠵᠢᠭ ᠢ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠳᠤ᠂ ᠵᠠᠷᠢᠮ ᠠᠰᠠᠭᠤᠳᠠᠯ ᠢᠯᠡᠷᠡᠵᠡᠶ᠂ | ᠵᠢᠱᠢᠶᠡᠯᠡᠪᠡᠯ ᠬᠡᠰᠡᠭ ᠭᠠᠴᠠᠭ᠎ᠠ ᠲᠣᠰᠬᠤᠨ ᠳᠤ ᠡᠭᠡᠯᠢᠯᠡᠬᠦ ᠠᠬᠢᠴᠠ ᠨᠡᠯᠢᠶᠡᠳ ᠤᠳᠠᠭᠠᠨ ᠪᠠᠶᠢᠬᠤ ᠪᠠᠶᠢᠳᠠᠯ | ᠣᠷᠣᠰᠢᠵᠤ᠂ ᠲᠣᠭᠲᠠᠭᠰᠠᠨ ᠴᠠᠭ ᠲᠤ ᠡᠭᠡᠯᠢᠯᠡᠬᠦ ᠠᠬᠢᠴᠠ ᠪᠠᠨ ᠪᠡᠶᠡᠯᠡᠭᠦᠯᠵᠦ ᠴᠢᠳᠠᠭᠰᠠᠨ ᠥᠬᠡᠶ︔ ᠬᠢᠵᠢᠭ | ᠰᠡᠷᠭᠡᠶᠢᠯᠡᠬᠦ ᠬᠡᠰᠡᠭ ᠬᠥᠮᠦᠰ ᠡᠭᠡᠯᠢᠯᠡᠭᠰᠡᠨ ᠤ ᠳᠠᠷᠠᠭ᠎ᠠ《 ᠥᠪᠥᠷ ᠮᠣᠩᠭᠤᠯ ᠤᠨ ᠮᠦ ᠶᠦᠨ ᠲᠦᠩ 》 ᠳᠤ | ᠣᠷᠣᠭᠤᠯᠤᠭᠰᠠᠨ ᠦᠭᠡᠶ ᠠᠴᠠ ᠪᠣᠯᠵᠤ ᠡᠭᠡᠯᠢᠯᠡᠬᠦ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠤᠭᠰᠠᠨ ᠦᠭᠡᠶ | ᠪᠠᠶᠢᠨ᠎ᠠ︔ 《 ᠤᠷᠢᠳ ᠢᠶᠠᠷ ᠴᠤᠬᠢᠵᠤ ᠳᠠᠷᠠᠭ᠎ᠠ ᠨᠢ ᠨᠥᠬᠦᠪᠥᠷᠢᠯᠡᠬᠦ 》ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠭᠦᠢᠴᠡᠳ ᠪᠤᠰᠤ᠂ ᠪᠠᠶᠢᠴᠠᠭᠠᠯᠲᠠ ᠬᠢᠭᠰᠡᠨ ᠲᠡᠵᠢᠭᠡᠨ ᠦᠷᠡᠵᠢᠭᠦᠯᠬᠦ ᠡᠷᠦᠬᠡ ᠶᠢᠨ ᠳᠣᠲᠣᠷᠠᠬᠢ ᠬᠠᠭᠠᠰ ᠰᠢᠬᠠᠮ | ᠬᠥᠮᠦᠨ ᠮᠥᠨ ᠯᠡ ᠲᠥᠷᠥ ᠶᠢᠨ ᠪᠣᠳᠣᠯᠭ᠎ᠠ ᠶᠢ ᠮᠡᠳᠡᠬᠦ ᠥᠬᠡᠶ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ | ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠸᠧᠨ ᠵᠢᠶᠧ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ | ᠪᠦᠬᠦᠢ ᠨᠢᠭᠡᠴᠡ᠂ ᠰᠠᠯᠠᠭ᠎ᠠ ᠮᠥᠴᠢᠷ ᠤᠳ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠲᠡᠷᠡ ᠳᠠᠷᠤᠢ ᠳᠤᠨᠢ | ᠬᠡᠷᠡᠭᠵᠢᠭᠦᠯᠵᠦ ᠲᠡᠷᠡ ᠳᠠᠷᠤᠢ ᠳᠤᠨᠢ ᠦᠭᠡᠷᠡᠴᠢᠯᠡᠵᠦ᠂ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠲᠣᠭᠲᠠᠭᠤᠨ ᠢᠶᠠᠷ ᠦᠷᠭᠦᠯᠵᠢᠯᠡᠨ ᠠᠬᠢᠭᠤᠯᠬᠤ ᠬᠡᠷᠡᠭᠲᠡᠢ᠂ ᠨᠢᠭᠡ ᠳᠤ | ᠡᠭᠡᠯᠢᠯᠡᠭᠡ ᠶᠢᠨ ᠠᠵᠢᠯ ᠤᠨ ᠠᠬᠢᠴᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠲᠣᠭᠲᠠᠭᠰᠠᠨ | ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ᠂ ᠡᠭᠡᠯᠢᠯᠡᠭᠡ ᠶᠢᠨ ᠡᠲᠡᠭᠡᠳ ᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂《 ᠡᠭᠡᠯᠢᠯᠡᠬᠦ ᠵᠣᠬᠢᠬᠤ ᠶᠢ ᠨᠢ ᠡᠭᠡᠯᠢᠯᠡᠵᠦ 》 ᠪᠠᠨ ᠪᠡᠶᠡᠯᠡᠭᠦᠯᠵᠦ᠂ ᠡᠭᠡᠯᠢᠯᠡᠭᠡ ᠶᠢᠨ ᠬᠠᠯᠬᠠᠪᠴᠢ ᠶᠢ | ᠦᠨᠡᠨᠬᠦ ᠪᠠᠬᠢᠵᠢᠭᠦᠯᠦᠨ᠎ᠡ︔ ᠬᠤᠶᠠᠷ ᠲᠤ ᠬᠢᠵᠢᠭ ᠢ ᠰᠡᠷᠭᠡᠶᠢᠯᠡᠬᠦ ᠡᠩᠨᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ | ᠴᠢᠩᠭᠠᠳᠬᠠᠨ᠎ᠠ᠃ ᠬᠢᠵᠢᠭ ᠰᠡᠷᠭᠡᠶᠢᠯᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠠᠵᠢᠯᠯᠠᠬᠤ | ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠡᠯᠢᠯᠡᠬᠦ ᠠᠵᠢᠯᠯᠠᠭᠠᠨ ᠤ ᠴᠤᠪᠤᠷᠠᠯ ᠢ ᠴᠢᠩᠭ᠎ᠠ | ᠵᠢᠷᠤᠮᠵᠢᠭᠤᠯᠤᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠡᠭᠡᠯᠢᠯᠡᠬᠦ ᠠᠵᠢᠯ ᠤᠨ ᠶᠠᠰᠤ ᠴᠢᠨᠠᠷ ᠢ ᠦᠨᠡᠨᠬᠦ | ᠪᠠᠲᠤᠯᠠᠨ᠎ᠠ︔ ᠭᠤᠷᠪᠠ ᠳᠤ ᠬᠢᠵᠢᠭ ᠢ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ | ᠨᠠᠷᠢᠯᠢᠭᠵᠢᠭᠤᠯᠤᠨ᠎ᠠ᠃ ᠬᠢᠵᠢᠭ ᠢ ᠰᠡᠷᠭᠡᠶᠢᠯᠡᠬᠦ ᠠᠵᠢᠯᠲᠠᠳ ᠬᠢᠵᠢᠭ ᠢ ᠰᠡᠷᠭᠡᠶᠢᠯᠡᠬᠦ ᠲᠠᠩᠰᠠ ᠡᠪᠬᠡᠮᠡᠯ ᠢ ᠲᠠᠭᠯᠠᠨ | ᠪᠢᠴᠢᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠠᠩᠰᠠ ᠡᠪᠬᠡᠮᠡᠯ ᠤᠨ ᠮᠡᠳᠡᠭᠡ ᠵᠠᠩᠭᠢ ᠶᠢᠨ ᠣᠨᠣᠪᠴᠢᠲᠤ | ᠴᠢᠨᠠᠷ᠂ ᠪᠦᠷᠢᠨ ᠪᠦᠲᠦᠨ ᠴᠢᠨᠠᠷ ᠪᠠ ᠨᠡᠬᠡᠮᠵᠢᠯᠡᠵᠦ ᠪᠣᠯᠬᠤᠶᠢᠴᠠ ᠴᠢᠨᠠᠷ ᠢ ᠴᠢᠩᠭ᠎ᠠ ᠡᠵᠡᠮᠳᠡᠵᠦ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠬᠢᠵᠢᠭ ᠢ ᠰᠡᠷᠭᠡᠶᠢᠯᠡᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠤᠨ᠎ᠠ︔ ᠳᠥᠷᠪᠡ ᠳᠤ ᠬᠢᠵᠢᠭ ᠢ ᠰᠡᠷᠭᠡᠶᠢᠯᠡᠬᠦ ᠪᠠᠯᠠ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ | ᠰᠢᠯᠢᠳᠡᠭᠵᠢᠭᠦᠯᠦᠨ᠎ᠡ᠃ ᠵᠦᠢ ᠵᠣᠬᠢᠰᠲᠠᠢ ᠪᠠᠷ ᠲᠥᠯᠥᠪᠵᠢᠭᠦᠯᠵᠦ᠂ ᠪᠡᠯᠡ ᠮᠥᠩᠭᠦ ᠶᠢ ᠠᠮᠢᠳᠤᠯᠢᠭ ᠢᠶᠠᠷ | ᠲᠤᠬᠢᠷᠠᠭᠤᠯᠤᠨ᠂ ᠪᠡᠯᠡ ᠮᠥᠩᠭᠦ ᠨᠢᠭᠡᠪᠦᠷᠢ ᠶᠢ ᠴᠥᠮ ᠬᠡᠷᠡᠭᠴᠡᠭᠡ ᠲᠠᠢ ᠭᠠᠵᠠᠷ ᠲᠤᠨᠢ ᠬᠡᠷᠡᠭᠯᠡᠬᠦ ᠶᠢ ᠦᠨᠡᠨ ᠬᠦ | ᠪᠠᠲᠤᠯᠠᠨ᠎ᠠ᠃ ᠡᠭᠦᠨ ᠤ ᠬᠠᠮᠲᠤ᠂ ᠬᠢᠵᠢᠭ ᠰᠡᠷᠭᠡᠶᠢᠯᠡᠭᠴᠢ ᠶᠢᠨ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ | ᠠᠵᠢᠯ ᠤᠨ ᠠᠮᠢᠵᠢᠷᠠᠯ ᠤᠨ ᠬᠦᠴᠦᠨ ᠢ ᠨᠢ ᠬᠥᠭᠵᠢᠭᠡᠵᠦ᠂ ᠬᠢᠵᠢᠭ ᠢ ᠰᠡᠷᠭᠡᠶᠢᠯᠡᠬᠦ ᠡᠩᠨᠡᠭᠡ ᠶᠢᠨ ᠦᠢᠯᠡᠳᠦᠯ ᠢ ᠨᠢ | ᠦᠨᠡᠨ ᠬᠦ ᠪᠠᠳᠠᠷᠠᠭᠤᠯᠵᠤ᠂ ᠬᠢᠵᠢᠭ ᠢ ᠰᠡᠷᠭᠡᠶᠢᠯᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠲᠦᠯᠬᠢᠨ | ᠠᠬᠢᠭᠤᠯᠤᠨ᠎ᠠ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠲᠣᠰ ᠤᠳᠠᠭᠠᠨ ᠤ ᠠᠬᠢᠭᠤᠯᠬᠤ ᠬᠤᠷᠠᠯ ᠢᠶᠠᠷ ᠴᠢᠬᠤᠯᠠ ᠠᠵᠠ | ᠲᠣᠬᠢᠶᠠᠯ ᠪᠣᠯᠭᠠᠵᠤ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ | ᠠᠰᠠᠭᠤᠳᠠᠯ ᠢ ᠴᠢᠩᠭ᠎ᠠ ᠠᠩᠬᠠᠷᠴᠤ᠂ ᠬᠢᠵᠢᠭ ᠢ ᠰᠡᠷᠭᠡᠶᠢᠯᠡᠬᠦ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ | ᠦᠷᠭᠦᠯᠵᠢᠯᠡᠨ ᠭᠦᠨᠵᠡᠭᠡᠶᠢᠷᠡᠭᠦᠯᠬᠦ ᠪᠣᠯᠤᠨ᠎ᠠ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ ᠪᠠᠷ | ᠳᠠᠮᠵᠢᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢᠨ ᠰᠢᠨ᠎ᠡ ᠶᠢ ᠡᠭᠦᠳᠴᠦ᠂ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠭᠦᠨᠵᠡᠭᠡᠶᠢᠷᠡᠭᠦᠯᠦᠨ ᠪᠠᠬᠢᠵᠢᠭᠦᠯᠵᠦ᠂ ᠵᠢᠤ ᠶᠤᠸᠠᠨ | ᠲᠤᠭᠤᠷᠢᠭ ᠤᠨ ᠮᠠᠯ ᠠᠵᠤ ᠠᠬᠤᠶ ᠶᠢᠨ ᠠᠮᠤᠷ ᠲᠦᠪᠰᠢᠨ ᠲᠣᠭᠲᠠᠭᠤᠨ ᠪᠠᠶᠢᠬᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | | | | | | |