ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠰᠡᠳᠬᠢᠯ ᠤᠨ ᠠᠵᠠ ᠵᠢᠷᠭᠠᠯ ᠢ ᠬᠠᠮᠠᠭᠠᠯᠠᠵᠤ  ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2025/5/8
    ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ ᠰᠠᠭᠤᠷᠢ ᠮᠥᠨ᠃ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠢᠮᠠᠭᠲᠠ ᠡᠳ᠋ ᠤᠨ ᠵᠠᠰᠠᠭ ᠤᠨ ᠡᠭᠦᠷᠭᠡ ᠴᠢᠳᠠᠪᠬᠢ ᠳᠤ ᠰᠠᠭᠤᠷᠢᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠰᠢᠨ᠎ᠡ ᠡᠭᠦᠳᠦᠯᠲᠡ ᠴᠢᠨᠠᠷᠲᠠᠢ ᠪᠠᠷ《 ᠪᠡᠯᠡ ᠮᠥᠩᠭᠦᠨ ᠤ ᠪᠠᠲᠤᠯᠠᠭ᠎ᠠ + ᠲᠦᠷᠦ ᠶᠢᠨ ᠪᠤᠳᠤᠯᠭ᠎ᠠ ᠶᠢᠨ ᠨᠠᠶᠢᠲᠠᠪᠦᠷᠢᠵᠢᠭᠤᠯᠤᠯᠲᠠ + ᠦᠢᠯᠡᠰ ᠪᠤᠰᠬᠠᠬᠤ ᠳᠤ ᠬᠦᠴᠦᠨ ᠨᠡᠮᠡᠷᠢᠯᠡᠬᠦ 》ᠬᠠᠮ ᠠᠷᠭ᠎ᠠ ᠬᠡᠮᠵᠢᠶ᠎ᠡ ᠠᠪᠴᠤ᠂ ᠠᠵᠢᠯ ᠣᠯᠭᠤᠯᠲᠠ ᠶᠢᠨ ᠪᠡᠯᠡ ᠮᠥᠩᠭᠦ ᠶᠢ《 ᠴᠢᠬᠤᠯᠠᠲᠠᠢ ᠭᠠᠵᠠᠷ 》 ᠲᠤ ᠬᠡᠷᠡᠭᠯᠡᠬᠦ ᠶᠢ ᠪᠠᠲᠤᠯᠠᠵᠤ᠂ 2025 ᠣᠨ ᠤ ᠨᠢᠭᠡᠳᠦᠭᠡᠷ ᠤᠯᠠᠷᠢᠯ ᠳᠤ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ ᠠᠵᠢᠯ ᠣᠯᠭᠤᠯᠲᠠ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃    ᠪᠠᠯᠠ ᠮᠥᠩᠭᠦ ᠶᠢᠨ《 ᠰᠠᠭᠤᠷᠢ ᠴᠢᠯᠠᠭᠤ 》 ᠶᠢ ᠪᠠᠬᠢᠵᠢᠭᠦᠯᠵᠦ᠂ ᠡᠳ᠋ ᠤᠨ ᠵᠠᠰᠠᠭ ᠤᠨ ᠡᠭᠦᠷᠭᠡᠯᠡᠯ ᠢ ᠢᠯᠡᠷᠡᠭᠦᠯᠪᠡ᠃ 2025 ᠣᠨ ᠤ ᠨᠢᠭᠡᠳᠦᠭᠡᠷ ᠤᠯᠠᠷᠢᠯ ᠳᠤ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠲᠥᠷᠥᠯ ᠤᠨ ᠪᠠᠯᠠ ᠮᠥᠩᠭᠦ ᠶᠢ ᠢᠳᠡᠪᠬᠢᠲᠡᠶ ᠨᠢᠭᠡᠳᠦᠯᠲᠡᠶ ᠲᠥᠯᠥᠪᠯᠡᠵᠦ᠂ ᠠᠵᠢᠯ ᠣᠯᠭᠤᠯᠲᠠ ᠶᠢᠨ ᠬᠦᠷᠢᠶᠡᠨ ᠳᠠᠬᠢ ᠪᠠᠯᠠ ᠮᠥᠩᠭᠦ ᠶᠢ 2188 ᠲᠦᠮᠡᠨ ᠲᠥᠭᠦᠷᠢᠭ ᠳᠣᠭᠢᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠤᠷᠤᠭᠰᠢᠲᠠᠶ ᠥᠷᠨᠢᠭᠦᠯᠬᠦ ᠳᠤ ᠭᠦᠢᠴᠡᠳ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃ ᠪᠠᠯᠠ ᠮᠥᠩᠭᠦ ᠶᠢᠨ ᠬᠡᠷᠡᠭᠯᠡᠯᠲᠡ ᠶᠢᠨ ᠲᠠᠯ᠎ᠠ ᠪᠠᠷ ᠵᠠᠩᠭᠢᠯᠠᠭ᠎ᠠ ᠶᠢᠨ ᠬᠦᠷᠢᠶᠡᠨ ᠤ ᠪᠠᠯᠠ ᠮᠥᠩᠭᠦ ᠶᠢ ᠲᠦᠢᠯ ᠤᠨ ᠣᠨᠣᠪᠴᠢᠲᠠᠶ ᠪᠠᠷ ᠣᠷᠣᠭᠤᠯᠬᠤ ᠶᠢ ᠪᠠᠲᠤᠯᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ᠂ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢᠨ ᠨᠥᠬᠦᠪᠥᠷᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠪᠠᠲᠤᠯᠠᠨ᠎ᠠ᠃ ᠡᠭᠦᠨ ᠤ ᠬᠠᠮᠲᠤ᠂ ᠠᠵᠢᠯ ᠣᠯᠭᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠬᠦ ᠬᠡᠪᠴᠢᠶ᠎ᠡ ᠪᠣᠯᠤᠨ ᠬᠢᠨᠠᠨ ᠵᠥᠪᠰᠢᠶᠡᠷᠡᠬᠦ ᠴᠤᠪᠤᠷᠠᠯ ᠢ ᠲᠣᠳᠣᠷᠬᠠᠶᠢᠯᠠᠨ᠂ ᠠᠵᠢᠯ ᠣᠯᠭᠤᠬᠤ ᠪᠡᠯᠡ ᠮᠥᠩᠭᠦ ᠶᠢᠨ ᠠᠶᠤᠯ ᠦᠭᠡᠶ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠶᠢ ᠦᠨᠡᠨᠬᠦ ᠪᠠᠲᠤᠯᠠᠨ᠎ᠠ᠃    ᠲᠥᠷᠥ ᠶᠢᠨ ᠪᠣᠳᠣᠯᠭ᠎ᠠ ᠶᠢᠨ《 ᠪᠠᠲᠤᠯᠠᠭ᠎ᠠ ᠶᠢᠨ ᠲᠤᠤᠷ 》 ᠢ ᠨᠢᠭᠲᠠ ᠰᠦᠯᠵᠢᠵᠦ᠂ ᠠᠷᠠᠳ ᠤᠨ ᠠᠮᠢᠳᠤᠷᠠᠯ ᠤᠨ ᠳᠤᠯᠠᠭᠠᠨ ᠢ ᠳᠠᠮᠵᠢᠭᠤᠯᠤᠨ᠎ᠠ᠃ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠪᠠᠭᠤᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠠᠵᠢᠯ ᠣᠯᠭᠤᠯᠲᠠ ᠶᠢᠨ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ᠂ ᠡᠯ᠎ᠡ ᠵᠦᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠠᠯ᠎ᠠ ᠪᠠᠷ᠂《 ᠭᠤᠷᠪᠠ ᠶᠢ ᠳᠡᠮᠵᠢᠵᠦ ᠨᠢᠭᠡ ᠶᠢ ᠲᠡᠳᠬᠦᠬᠦ 》᠂ ᠳᠡᠭᠡᠳᠦ ᠰᠤᠷᠭᠠᠭᠤᠯᠢ ᠲᠡᠭᠦᠰᠦᠭᠰᠡᠳ ᠭᠡᠷ ᠬᠤᠷᠢᠶᠠᠯᠠᠯ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠰᠠᠳ᠂ ᠤᠶᠤᠲᠠᠳ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠨᠥᠬᠦᠪᠥᠷᠢ ᠵᠢᠴᠢ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢ 310 ᠲᠦᠮᠡᠨ ᠲᠥᠭᠦᠷᠢᠭ ᠲᠠᠷᠬᠠᠭᠠᠵᠤ᠂ 488 ᠬᠥᠮᠦᠨ ᠳᠤ ᠠᠰᠢᠭ ᠬᠦᠷᠲᠡᠭᠡᠵᠦ᠂ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠠᠵᠢᠯ ᠤᠨ ᠲᠤᠷᠰᠢᠯᠭ᠎ᠠ ᠬᠤᠷᠠᠮᠳᠤᠭᠤᠯᠵᠤ᠂ ᠲᠣᠭᠲᠠᠭᠤᠨ ᠢᠶᠠᠷ ᠠᠵᠢᠯ ᠣᠯᠭᠤᠬᠤ ᠶᠢ ᠪᠡᠶᠡᠯᠡᠭᠦᠯᠪᠡ᠃ ᠠᠵᠢᠯ ᠣᠯᠭᠤᠬᠤ ᠭᠤᠤᠯᠳᠠᠯᠭ᠎ᠠ ᠲᠠᠢ ᠬᠥᠮᠦᠰ ᠲᠤ ᠬᠠᠨᠳᠤᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠥᠷᠨᠢᠭᠦᠯᠵᠦ᠂ 19 ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠲᠤᠰᠬᠠᠶ ᠪᠠᠯᠠ ᠮᠥᠩᠭᠦ ᠳᠣᠭᠢᠷᠠᠭᠤᠯᠤᠨ ᠪᠤᠯᠪᠠᠰᠤᠷᠠᠯ ᠤᠨ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠬᠥᠳᠡᠯᠮᠦᠷᠢᠴᠢᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠣᠯᠠᠨ ᠶᠠᠩᠵᠤ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠲᠥᠷᠥᠯ ᠵᠦᠢᠯ ᠢ ᠥᠷᠨᠢᠭᠦᠯᠵᠦ᠂ ᠬᠥᠳᠡᠯᠮᠦᠷᠢᠴᠢᠳ ᠤᠨ ᠠᠵᠢᠯ ᠤᠯᠬᠤ ᠥᠷᠢᠰᠥᠯᠳᠦᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃    ᠠᠳᠠᠯ ᠦᠢᠯᠡᠰ ᠴᠣᠭᠴᠠᠯᠠᠬᠤ《 ᠰᠢᠨ᠎ᠡ ᠬᠥᠳᠡᠯᠭᠡᠭᠦᠷ 》 ᠢ ᠬᠥᠭᠵᠢᠭᠡᠵᠦ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ᠎ᠠ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ  ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠠᠳᠠᠯ ᠦᠢᠯᠡᠰ ᠴᠣᠭᠴᠠᠯᠠᠭᠴᠢ ᠶᠢᠨ ᠪᠠᠯᠠ ᠳᠣᠭᠢᠷᠠᠭᠤᠯᠬᠤ ᠲᠦᠭᠰᠢᠭᠦᠷᠢ ᠶᠢ ᠪᠠᠭᠤᠷᠠᠭᠤᠯᠵᠤ᠂ 2025 ᠣᠨ ᠤ ᠨᠢᠭᠡᠳᠦᠭᠡᠷ ᠤᠯᠠᠷᠢᠯ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ 638 ᠲᠦᠮᠡᠨ ᠲᠥᠭᠦᠷᠢᠭ ᠲᠠᠷᠬᠠᠭᠠᠵᠤ᠂ 4 ᠬᠤᠳᠠᠯᠳᠤᠭᠠᠴᠢᠨ ᠡᠷᠦᠬᠡ ᠳᠤ ᠠᠰᠢᠭ ᠬᠦᠷᠲᠡᠭᠡᠨ᠂ ᠠᠳᠠᠯ ᠦᠢᠯᠡᠰ ᠴᠣᠭᠴᠠᠯᠠᠭᠴᠢ ᠶᠢᠨ ᠪᠠᠯᠠ ᠳᠣᠭᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ ᠠᠳᠠᠯ ᠦᠢᠯᠡᠰ ᠴᠣᠭᠴᠠᠯᠠᠬᠤ ᠪᠤᠯᠪᠠᠰᠤᠷᠠᠯ ᠵᠡᠷᠭᠡ ᠠᠵᠢᠯᠯᠠᠭ᠎ᠠ ᠡᠷᠭᠢᠯᠡᠬᠦ ᠶᠢ ᠳᠡᠮᠵᠢᠵᠦ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠠᠵᠢᠯ ᠤᠯᠬᠤ ᠭᠤᠤᠯᠳᠠᠯᠭ᠎ᠠ ᠲᠠᠢ ᠬᠥᠮᠦᠰ ᠲᠤ ᠠᠳᠠᠯ ᠦᠢᠯᠡᠰ ᠴᠣᠭᠴᠠᠯᠠᠬᠤ ᠵᠢᠯᠣᠭᠤᠳᠣᠯᠭ᠎ᠠ ᠶᠢᠨ ᠦᠢᠯᠡᠴᠢᠯᠡᠭᠡ ᠬᠠᠩᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠂ ᠨᠡᠶᠢᠭᠡᠮ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠵᠦ᠂ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠠᠳᠠᠯ ᠦᠢᠯᠡᠰ ᠴᠣᠭᠴᠠᠯᠠᠬᠤ ᠰᠣᠯᠢᠯᠴᠠᠭᠠᠨ ᠤ ᠲᠠᠪᠴᠠᠩ ᠵᠡᠷᠭᠡ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠠᠵᠢᠯ ᠣᠯᠭᠤᠬᠤ ᠠᠮᠢᠳᠤᠯᠢᠭ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠡᠳ᠋ ᠤᠨ ᠵᠠᠰᠠᠭ ᠤᠨ ᠠᠵᠢᠯ ᠣᠯᠭᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠯᠠ ᠮᠥᠩᠭᠦ ᠶᠢᠨ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭᠳᠡᠭᠦᠯᠵᠦ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠵᠢᠤ ᠶᠤᠸᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠡᠷᠭᠦᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号