ᠬᠤᠶᠠᠷᠬᠤᠳᠳᠤᠭ ᠪᠠᠯᠭᠠᠰᠤ ᠭᠤᠤᠯ ᠤᠨ ᠬᠤᠭ ᠨᠣᠪᠰᠢ ᠶᠢ ᠴᠡᠪᠡᠷᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/5/9
    ᠬᠠᠷᠢᠶ᠎ᠠ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ ᠣᠶᠢᠷ᠎ᠠ ᠳᠤ᠂ ᠮᠠᠨ ᠤ ᠪᠠᠯᠭᠠᠰᠤ ᠭᠤᠤᠯ ᠤᠨ ᠣᠷᠴᠢᠨ ᠲᠣᠭᠤᠷᠢᠨ ᠤ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠤᠨ ᠵᠠᠮ ᠤᠨ ᠬᠤᠭ ᠨᠣᠪᠰᠢ ᠶᠢ ᠴᠡᠪᠡᠷᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠪᠡ᠃    ᠲᠣᠰ ᠤᠳᠠᠭ᠎ᠠ ᠶᠢᠨ ᠴᠡᠪᠡᠷᠯᠡᠨ ᠵᠠᠰᠠᠬᠤ ᠠᠵᠢᠯ ᠨᠢ ᠭᠤᠤᠯᠳᠠᠭᠤ ᠶᠡᠭᠡ ᠬᠠᠰᠢᠯᠭ᠎ᠠ ᠶᠢᠨ ᠭᠤᠤᠯ ᠤᠨ ᠵᠠᠮ ᠳᠤ ᠲᠥᠪᠯᠡᠷᠡᠵᠦ᠂ ᠭᠤᠤᠯ ᠤᠨ ᠵᠠᠮ ᠳᠠᠬᠢ ᠬᠤᠭ ᠨᠣᠪᠰᠢ ᠬᠥᠪᠦᠮᠡᠯ ᠪᠣᠳᠠᠰ᠂ ᠬᠤᠪᠠᠭ᠋ᠠᠶ ᠮᠣᠳᠣᠨ ᠰᠠᠯᠠᠭ᠎ᠠ᠂ ᠪᠤᠵᠠᠷ ᠡᠪᠡᠰᠦ ᠵᠡᠷᠭᠡ ᠠᠮᠢᠳᠤᠷᠠᠯ ᠤᠨ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠨ ᠠᠷᠢᠯᠭᠠᠪᠠ᠃ ᠲᠥᠪᠯᠡᠷᠡᠭᠦᠯᠦᠨ ᠴᠡᠪᠡᠷᠯᠡᠭᠰᠡᠨ ᠢᠶᠠᠷ᠂ ᠭᠤᠣᠯ ᠤᠨ ᠵᠠᠮ ᠥᠩᠭᠡᠷᠡᠭᠰᠡᠨ ᠤ ᠪᠤᠵᠠᠷ ᠡᠮᠬᠢ ᠦᠭᠡᠢ ᠳᠦᠷᠰᠦ ᠪᠠᠶᠢᠳᠠᠯ ᠢᠶᠠᠨ ᠬᠤᠪᠢᠷᠠᠭᠤᠯᠤᠮᠠᠭᠴᠠ᠂ ᠴᠡᠪᠡᠷ ᠴᠡᠮᠴᠡᠭᠡᠷ ᠪᠤᠯᠵᠤ᠂ ᠴᠣ ᠰᠢᠨ᠎ᠡ ᠳᠦᠷᠰᠦ ᠪᠠᠶᠢᠳᠠᠯ ᠲᠠᠢ ᠪᠣᠯᠪᠠ᠃ ᠡᠭᠦᠨ ᠤ ᠬᠠᠮᠲᠤ᠂ ᠠᠵᠢᠯᠲᠠᠳ ᠡᠷᠬᠢᠨ ᠲᠣᠭᠤᠷᠢᠨ ᠤ ᠣᠯᠠᠨ ᠲᠦᠮᠡᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢ ᠢᠳᠡᠪᠬᠢᠲᠡᠶ ᠬᠢᠵᠦ᠂ ᠭᠤᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ《 ᠡᠵᠡᠨ ᠬᠥᠮᠦᠨ ᠤ ᠤᠬᠠᠮᠰᠠᠷ 》 ᠢ ᠬᠥᠭᠵᠢᠭᠡᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠤᠤᠯ ᠤᠨ ᠵᠠᠮ ᠤᠨ ᠬᠠᠮᠠᠭᠠᠯᠠᠯᠲᠠ ᠳᠤ ᠤᠬᠠᠮᠰᠠᠷ ᠠᠴᠠ ᠪᠠᠨ ᠣᠷᠣᠯᠴᠠᠭᠤᠯᠪᠠ᠃    ᠲᠠᠷᠠᠭᠠᠴᠢ ᠪᠠᠷ᠂ ᠬᠤᠶᠠᠷᠬᠤᠳᠳᠤᠭ ᠪᠠᠯᠭᠠᠰᠤ ᠭᠤᠤᠯ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠭᠤᠤᠯ ᠤᠨ ᠵᠠᠮ ᠢ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯ ᠤᠨ ᠵᠠᠮ ᠤᠨ ᠬᠤᠭ ᠨᠣᠪᠰᠢ ᠶᠢ ᠴᠡᠪᠡᠷᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠷᠢᠭᠤᠨ ᠴᠡᠪᠡᠷ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号