ᠪᠤᠭᠤᠲᠤ ᠬᠤᠲᠠ ᠶᠢᠨ ᠵᠡᠮᠳᠡᠭᠴᠦᠳ ᠤᠨ ᠬᠤᠯᠪᠣᠭ᠎ᠠ ᠵᠢᠦ ᠶᠤᠸᠠᠨ ᠲᠣᠭᠤᠷᠢᠭ ᠲᠤ ᠭᠦᠨᠵᠡᠭᠡᠶᠢᠷᠡᠨ ᠵᠡᠮᠳᠡᠭᠴᠦᠳ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/9
    4 ᠰᠠᠷ᠎ᠠ ᠶᠢᠨ 30  ᠤ ᠡᠳᠦᠷ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠵᠣᠣ ᠮᠠᠨ ᠢ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠡᠷᠡᠭᠦᠯᠵᠢᠯ ᠤᠨ ᠬᠡᠯᠲᠡᠰ ᠤᠨ ᠡᠷᠬᠢᠯᠡᠭᠴᠢ ᠵᠠᠩ ᠰᠢᠤ ᠬᠤᠸᠠ᠂ ᠠᠯᠪᠠᠨ ᠬᠡᠷ ᠤᠨ ᠠᠵᠢᠯᠲᠠᠨ ᠶᠢᠨ ᠵᠥᠩ ᠢ ᠳᠠᠭᠠᠭᠤᠯᠤᠨ ᠵᠢᠤ ᠶᠤᠸᠠᠨ ᠲᠣᠭᠤᠷᠢᠭ ᠤᠨ ᠰᠢᠩ ᠢᠦᠶ ᠯᠦ ᠬᠡᠦᠬᠡᠳ ᠤᠨ ᠡᠷᠡᠭᠦᠯᠵᠢᠯ ᠤᠨ ᠲᠥᠪ ᠪᠣᠯᠤᠨ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠬᠦᠷᠴᠦ ᠠᠵᠢᠯ ᠤᠨ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠯᠢ ᠫᠢᠩ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠬᠦᠷᠴᠦ᠂ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠶᠢᠳᠠᠯ ᠪᠣᠯᠤᠨ ᠡᠷᠡᠭᠦᠯᠵᠢᠯ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠳ ᠲᠠᠢ ᠭᠦᠨᠵᠡᠭᠡᠶ ᠰᠣᠯᠢᠯᠴᠠᠵᠤ᠂ ᠬᠠᠮᠢᠶᠠᠷᠤᠯᠲᠠ ᠶᠢᠨ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠨᠠᠩ ᠣᠯᠠᠨ ᠵᠡᠮᠳᠡᠭᠴᠦᠳ ᠢ ᠳᠠᠶᠢᠴᠢᠯᠠᠨ ᠬᠠᠪᠰᠤᠷᠴᠤ ᠡᠷᠡᠭᠦᠯᠵᠢᠯ ᠢᠶᠠᠷ ᠳᠡᠮᠵᠢᠨ ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠰᠢᠩ ᠢᠦᠶ ᠯᠦ ᠬᠡᠦᠬᠡᠳ ᠤᠨ ᠡᠷᠡᠭᠦᠯᠵᠢᠯ ᠤᠨ ᠲᠥᠪ ᠲᠤ ᠬᠦᠷᠴᠦ᠂ ᠲᠥᠪ ᠤᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠪᠠ ᠲᠣᠨᠤᠭ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠪᠠᠭᠰᠢ ᠶᠢᠨ ᠬᠦᠴᠦᠨ᠂ ᠤᠨᠴᠠᠯᠢᠭᠳᠤ ᠬᠢᠴᠢᠶᠡᠯ ᠵᠢᠴᠢ ᠡᠷᠡᠭᠦᠯᠵᠢᠯ ᠤᠨ ᠪᠣᠯᠪᠠᠰᠤᠷᠠᠯ ᠤᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠤᠰᠬᠠᠶ ᠮᠡᠷᠭᠡᠵᠢᠯ ᠤᠨ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠡᠮᠳᠡᠭ ᠬᠡᠦᠬᠡᠳ ᠲᠤ ᠤᠯᠠᠮ ᠲᠤᠰᠬᠠᠶ ᠮᠡᠷᠭᠡᠵᠢᠯ ᠤᠨ᠂ ᠵᠢᠷᠤᠮᠵᠢᠯ ᠲᠠᠢ᠂ ᠠᠮᠤᠷ ᠲᠦᠪᠰᠢᠨ ᠪᠥᠭᠡᠳ ᠪᠦᠲᠦᠮᠵᠢᠲᠡᠶ ᠡᠷᠡᠭᠦᠯᠵᠢᠯ ᠤᠨ ᠪᠣᠯᠪᠠᠰᠤᠷᠠᠯ ᠤᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠠᠶᠢᠴᠠᠭᠠᠨ ᠰᠤᠳᠤᠯᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠬᠤᠶᠠᠷ ᠪᠠᠶᠢᠭᠤᠯᠤᠮᠵᠢ ᠳᠤ ᠪᠠᠶᠠᠷ ᠤᠨ ᠡᠲᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠵᠡᠷᠭᠡᠪᠡᠷ ᠥᠷᠨᠢᠭᠦᠯᠪᠡ᠃    ᠲᠠᠷᠠᠭᠠᠴᠢ ᠪᠠᠷ᠂ ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ ᠨᠢ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠡᠮᠳᠡᠭᠴᠦᠳ ᠲᠤ ᠨᠠᠩ ᠰᠠᠶᠢᠲᠤᠷ ᠦᠢᠯᠡᠴᠢᠯᠡᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号