5 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠵᠢᠤ ᠶᠤᠸᠠᠨ ᠲᠣᠭᠤᠷᠢᠭ ᠤᠨ ᠡᠮᠡᠭᠲᠡᠶᠢᠴᠦᠳ ᠤᠨ | ᠬᠤᠯᠪᠤᠭ᠎ᠠ ᠶᠢᠨ ᠨᠢᠭᠡ ᠳᠤᠭᠤᠶᠢᠯᠠᠩ ᠬᠤᠷᠢᠨᠭᠡᠷ ᠪᠠᠯᠭᠠᠰᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ᠂ | ᠲᠤᠬᠠᠢ ᠶᠢᠨ ᠭᠠᠵᠠᠷ ᠲᠤ ᠨᠢ ᠣᠯᠠᠨ ᠲᠠᠯ᠎ᠠ ᠪᠠᠷ ᠰᠤᠷᠪᠤᠯᠵᠢᠯᠠᠨ᠂ ᠮᠠᠨ ᠤ ᠪᠠᠯᠭᠠᠰᠤᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠠᠵᠢᠯ ᠤᠨ ᠣᠨᠴᠠᠯᠢᠭ ᠪᠠ ᠬᠢᠯᠠᠰ ᠴᠡᠭ ᠢ ᠭᠦᠨᠵᠡᠭᠡᠶ ᠣᠶᠢᠯᠠᠭᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠮᠡᠭᠲᠡᠶᠢᠴᠦᠳ ᠤᠨ ᠴᠢᠳᠠᠯ ᠢᠶᠠᠨ ᠡᠷᠭᠦᠵᠦ ᠬᠦᠴᠦ ᠨᠡᠮᠡᠷᠢᠯᠡᠪᠡ᠃ | | | | ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠭᠤᠸᠠᠨᠵᠢᠶᠠᠩ ᠲᠣᠰᠬᠤᠨ ᠳᠤ ᠬᠦᠷᠴᠦ᠂ | ᠲᠣᠰᠬᠤᠨ ᠤ ᠬᠠᠮᠲᠤ ᠶᠢᠨ ᠬᠦᠢᠲᠡᠨ ᠬᠥᠮᠥᠷᠭᠡ ᠶᠢᠨ ᠲᠥᠷᠥᠯ ᠵᠦᠢᠯ ᠢ ᠪᠣᠳᠠᠲᠠᠶ ᠣᠶᠢᠯᠠᠭᠠᠪᠠ᠃ ᠲᠤᠰ ᠲᠦᠷᠦᠯ | ᠵᠦᠢᠯ ᠢ 2023 ᠣᠨ ᠳᠤ ᠪᠠᠶᠢᠭᠤᠯᠵᠤ᠂ ᠭᠤᠸᠠᠨᠵᠢᠶᠠᠩ ᠲᠣᠰᠬᠤᠨ ᠪᠣᠯᠤᠨ ᠰᠢᠨ ᠪᠦ᠋ ᠰᠢᠶᠠᠨ ᠲᠢᠩ ᠤᠨ | ᠲᠠᠷᠢᠶᠠᠴᠢᠳ ᠤᠨ ᠲᠤᠰᠬᠠᠢ ᠬᠤᠷᠰᠢᠶ᠎ᠠ ᠶᠢᠨ ᠲᠣᠰᠬᠤᠨ ᠤ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠯᠪᠡᠷᠢ ᠪᠠᠷ | ᠪᠠᠶᠢᠭᠤᠯᠤᠭᠰᠠᠨ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠦᠢᠲᠡᠨ ᠰᠣᠷᠭᠤᠭ | ᠢᠳᠡᠭᠡᠨ ᠤ ᠬᠥᠮᠥᠷᠭᠡ ᠶᠢᠨ ᠲᠦᠷᠦᠯ ᠵᠦᠢᠯ ᠪᠣᠯᠤᠨ᠎ᠠ᠃ ᠬᠦᠢᠲᠡᠨ ᠬᠥᠮᠥᠷᠭᠡ ᠶᠢᠨ ᠲᠥᠷᠥᠯ ᠵᠦᠢᠯ ᠤᠨ | ᠪᠠᠶᠢᠭᠤᠯᠤᠭᠳᠠᠭᠰᠠᠨ ᠨᠢ ᠢᠳᠡᠰᠢᠨ ᠨᠣᠭᠤᠭ᠎ᠠ ᠶᠢᠨ ᠲᠠᠷᠢᠶᠠᠴᠢᠨ᠂ ᠢᠳᠡᠰᠢᠨ ᠨᠣᠭᠤᠭ᠎ᠠ ᠶᠢᠨ ᠬᠤᠳᠠᠯᠳᠤᠭ᠎ᠠ ᠳᠤ | ᠬᠡᠷᠡᠭᠯᠡᠬᠦ ᠠᠵᠢᠯ ᠤᠨ ᠭᠠᠴᠢᠭ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠣᠰᠬᠤᠨ ᠤ ᠠᠷᠠᠳ ᠲᠤ ᠣᠯᠠᠨ | ᠠᠵᠢᠯ ᠤᠨ ᠪᠠᠶᠢᠷᠢ ᠬᠠᠩᠭᠠᠵᠤ᠂ ᠲᠣᠰᠬᠤᠨ ᠤ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ | ᠲᠣᠰᠬᠤᠨ ᠤ ᠠᠷᠠᠳ ᠤᠨ ᠠᠯᠬᠤᠮ ᠠᠯᠬᠤᠮ ᠢᠶᠠᠷ ᠪᠠᠶᠠᠵᠢᠬᠤ ᠳᠤ ᠬᠦᠴᠦ ᠨᠡᠮᠡᠷᠢᠯᠡᠭᠰᠡᠨ ᠪᠠᠶᠢᠨ᠎ᠠ᠃ | ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠴᠢᠩ ᠨᠢᠶᠤᠤ ᠶᠢᠨ ᠠᠮᠢ ᠠᠬᠤᠶ ᠶᠢᠨ ᠡᠳ᠋ᠯᠡᠩ ᠳᠤ | ᠬᠥᠷᠪᠡ᠃ ᠡᠳ᠋ᠯᠡᠩ ᠳᠣᠲᠣᠷᠠᠬᠢ ᠳᠠᠶᠢᠯᠠᠯᠭ᠎ᠠ ᠶᠢᠨ ᠲᠢᠩᠬᠢᠮ᠂ ᠰᠢᠷᠠᠮᠠᠯ ᠬᠡᠭᠡᠷ᠎ᠡ ᠪᠠᠭᠤᠳᠠᠯᠯᠠᠬᠤ ᠲᠣᠭᠤᠷᠢᠭ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ | ᠰᠡᠯᠡᠭᠦᠴᠡᠯ ᠵᠤᠭ᠎ᠠ ᠴᠡᠩᠭᠡᠯ ᠤᠨ ᠲᠣᠭᠤᠷᠢᠭ ᠵᠢᠴᠢ ᠣᠯᠠᠨ ᠵᠦᠢᠯ ᠤᠨ ᠬᠡᠪ ᠨᠠᠮᠪᠠ ᠲᠠᠢ ᠬᠤᠨᠤᠭ ᠵᠡᠷᠭᠡ ᠭᠠᠵᠠᠷ ᠢᠶᠠᠷ | ᠲᠣᠭᠤᠷᠢᠨ ᠦᠵᠡᠪᠡ᠃ ᠴᠢᠩ ᠨᠢᠶᠤᠤ ᠠᠮᠢ ᠠᠬᠤᠶ ᠶᠢᠨ ᠡᠳ᠋ᠯᠡᠩ ᠨᠢ ᠲᠡᠭᠦᠨ ᠤ ᠥᠪᠡᠷᠮᠢᠴᠡ ᠲᠠᠲᠠᠬᠤ | ᠬᠦᠴᠦᠨ ᠳᠡᠭᠡᠨ ᠲᠦᠰᠢᠭᠯᠡᠨ᠂ 4 A ᠲᠠᠰ ᠤᠨ ᠤᠯᠤᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪᠥᠷ | ᠮᠣᠩᠭᠤᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠲᠠᠪᠤᠨ ᠣᠳᠣᠨ ᠲᠠᠰ ᠤᠨ ᠭᠥᠯᠢᠶᠡᠨ ᠠᠪᠬᠤ ᠡᠷᠦᠬᠡ ᠪᠠᠷ | ᠦᠨᠡᠯᠡᠭᠳᠡᠵᠦ᠂ ᠪᠠᠰᠠ《 ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ 》᠂《 2013 ᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ | ᠬᠠᠮᠤᠭ ᠤᠨ ᠰᠠᠶᠢᠨ ᠭᠥᠯᠢᠶᠡᠨ ᠠᠪᠬᠤ ᠨᠢᠭᠡᠴᠢ 》᠂《 2013-2014 ᠣᠨ ᠤ ᠪᠥᠬᠦ ᠬᠤᠲᠠ ᠶᠢᠨ ᠶᠠᠰᠤ | ᠴᠢᠨᠠᠷ ᠤᠨ ᠠᠵᠢᠯ ᠤᠨ ᠲᠡᠷᠢᠭᠦᠨ ᠤ ᠨᠢᠭᠡᠴᠢ 》᠂《 ᠠᠵᠤ ᠦᠢᠯᠡᠰ ᠤᠨ ᠬᠥᠭᠵᠢᠯᠲᠡ ᠶᠢᠨ ᠲᠣᠯᠣᠭᠠᠶᠢᠯᠠᠭᠴᠢ | ᠠᠵᠤ ᠠᠬᠤᠶᠢᠯᠠᠯ 》ᠵᠡᠷᠭᠡ ᠣᠯᠠᠨ ᠢᠷᠠᠭᠤ ᠠᠯᠳᠠᠷ ᠢ ᠭᠥᠷᠳᠡᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠴᠠᠩ ᠬᠠᠨ ᠤ ᠬᠠᠶᠢᠷ᠎ᠠ ᠬᠠᠯᠠᠮᠵᠢ ᠶᠢᠨ ᠬᠤᠭᠤᠯᠠᠨ ᠬᠡᠷ ᠲᠤ | ᠬᠦᠷᠴᠦ᠂ ᠬᠤᠭᠤᠯᠠᠨ ᠬᠡᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠦᠢᠯᠡᠰ ᠢ ᠣᠶᠢᠯᠠᠭᠠᠪᠠ᠃ ᠬᠠᠶᠢᠷ᠎ᠠ | ᠬᠠᠯᠠᠮᠵᠢ ᠶᠢᠨ ᠬᠤᠭᠤᠯᠠᠨ ᠬᠡᠷ ᠨᠢ《 6 ᠲᠥᠭᠦᠷᠢᠭ ᠤᠨ ᠰᠡᠳᠬᠢᠯ ᠢ ᠳᠤᠯᠠᠭᠠᠴᠠᠭᠤᠯᠬᠤ ᠬᠤᠭᠤᠯᠠ᠂ 21 | ᠡᠳᠦᠷ ᠤᠨ ᠬᠤᠭᠤᠯᠠ ᠶᠢ ᠦᠯᠦ ᠳᠠᠪᠳᠠᠬᠤ 》ᠪᠠᠶᠢᠬᠤ ᠠᠷᠠᠳ ᠲᠤ ᠠᠰᠢᠭ ᠬᠦᠷᠲᠡᠭᠡᠬᠦ ᠠᠮᠠᠯᠠᠯᠲᠠ ᠪᠠᠨ ᠢᠮᠠᠭᠲᠠ | ᠪᠠᠷᠢᠮᠲᠠᠯᠠᠵᠤ᠂ ᠲᠣᠰᠬᠤᠨ ᠤ ᠳᠣᠲᠣᠷᠠᠬᠢ ᠥᠨᠳᠥᠷ ᠨᠠᠰᠤᠲᠠᠶ᠂ ᠬᠡᠷ ᠲᠡᠭᠡᠨ ᠬᠤᠴᠣᠷᠤᠭᠰᠠᠨ ᠨᠠᠰᠤᠲᠠᠳ ᠵᠢᠴᠢ | ᠬᠦᠴᠢᠷᠳᠡᠯᠲᠡᠶ ᠣᠯᠠᠨ ᠲᠦᠮᠡᠨ ᠳᠤ ᠲᠦᠮᠡᠨ ᠬᠤᠪᠢ ᠡᠷᠡᠭᠦᠯ ᠢᠳᠡᠭᠡᠨ ᠬᠠᠩᠭᠠᠵᠤ᠂ ᠨᠢᠭᠡ ᠴᠠᠭ ᠤᠨ ᠬᠠᠯᠠᠭᠤᠨ | ᠬᠤᠭᠤᠯᠠ ᠪᠠᠷ《 ᠬᠤᠭᠤᠯᠠ ᠢᠳᠡᠬᠦ ᠳᠤ ᠬᠦᠴᠢᠷ 》ᠪᠠᠶᠢᠬᠤ ᠠᠷᠠᠳ ᠤᠨ ᠠᠮᠢᠳᠤᠷᠠᠯ ᠤᠨ ᠡᠮᠵᠡᠭ ᠠᠰᠠᠭᠤᠳᠠᠯ ᠢ | ᠰᠢᠢᠳᠪᠦᠷᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠬᠤ ᠳᠤᠯᠠᠭᠠᠨ | ᠬᠤᠯᠪᠣᠭᠠᠰᠤ ᠪᠣᠯᠤᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ ᠬᠠᠶᠢᠷ᠎ᠠ ᠬᠠᠯᠠᠮᠵᠢ ᠶᠢᠨ ᠬᠤᠭᠤᠯᠠᠨ ᠭᠡᠷ《ᠥᠪᠥᠷ | ᠮᠣᠩᠭᠤᠯ ᠤᠨ ᠰᠢᠨᠬᠤᠸᠠ ᠬᠤᠷᠢᠶ᠎ᠠ 》᠂《 ᠪᠤᠭᠤᠲᠤ ᠶᠢᠨ ᠡᠳᠦᠷ ᠤᠨ ᠰᠣᠨᠢᠨ 》ᠵᠡᠷᠭᠡ ᠵᠠᠭᠤᠴᠢᠯᠠᠭᠤᠷ ᠤᠨ | ᠭᠦᠨᠵᠡᠭᠡᠢ ᠮᠡᠳᠡᠭᠡᠯᠡᠯ ᠢ ᠣᠯᠵᠤ᠂ ᠬᠤᠷᠢᠨᠭᠡᠷ ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢᠨ《 ᠠᠯᠲᠠᠨ | ᠨᠡᠷ᠎ᠡ ᠬᠠᠭᠤᠳᠠᠰᠤ 》ᠪᠣᠯᠪᠠ᠃ ᠬᠠᠮᠤᠭ ᠰᠡᠬᠦᠯ ᠳᠤ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠴᠠᠩ ᠲᠣᠰᠬᠤᠨ ᠤ ᠪᠠᠢ ᠳ᠋ᠧ ᠯᠦᠩ ᠰᠣᠶᠣᠯ ᠤᠨ ᠶᠡᠭᠡ | ᠬᠦᠷᠢᠶᠡᠯᠡᠩ ᠪᠣᠯᠤᠨ ᠬᠤᠯᠤ ᠶᠢᠨ ᠬᠠᠭᠠᠷᠢᠮᠠᠯ ᠵᠢᠷᠤᠭ ᠤᠨ ᠦᠵᠡᠭᠦᠯᠭᠡ ᠶᠢᠨ ᠲᠣᠭᠤᠷᠢᠭ ᠲᠤ ᠬᠦᠷᠪᠡ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠬᠤᠷᠢᠨᠭᠡᠷ | ᠪᠠᠯᠭᠠᠰᠤᠨ ᠤ ᠵᠠᠰᠠᠭ ᠤᠨ ᠣᠷᠳᠣᠨ ᠤ ᠭᠤᠷᠪᠠᠳᠤᠭᠠᠷ ᠳᠠᠪᠬᠤᠷ ᠤᠨ ᠬᠤᠷᠠᠯ ᠤᠨ ᠬᠡᠷ ᠲᠤ ᠶᠠᠷᠢᠯᠴᠠᠬᠤ ᠬᠤᠷᠠᠯ ᠬᠢᠪᠠ᠃ | ᠶᠠᠷᠢᠯᠴᠠᠬᠤ ᠬᠤᠷᠠᠯ ᠳᠡᠭᠡᠷ᠎ᠡ᠂ ᠬᠤᠷᠢᠨᠭᠡᠷ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ | ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠬᠠᠷᠢᠭᠤ | ᠮᠡᠳᠡᠭᠦᠯᠪᠡ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ | ᠪᠠᠲᠤᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠪᠠᠭᠲᠠᠭᠠᠨ᠎ᠠ᠃ ᠪᠠᠶᠢᠴᠠᠭᠠᠨ | ᠰᠤᠳᠤᠯᠬᠤ ᠳᠤᠭᠤᠶᠢᠯᠠᠩ ᠠᠴᠠ ᠬᠤᠷᠢᠨᠭᠡᠷ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠭᠦᠢᠴᠡᠳ | ᠨᠤᠲᠠᠯᠠᠵᠤ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ᠂ | ᠡᠮᠡᠭᠲᠡᠶᠢᠴᠦᠳ ᠬᠡᠦᠬᠡᠳ ᠲᠤ ᠦᠢᠯᠡᠴᠢᠯᠡᠬᠦ᠂ ᠬᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠬᠤ ᠵᠡᠷᠭᠡ ᠲᠠᠯ᠎ᠠ ᠪᠠᠷ | ᠶᠡᠭᠡ ᠬᠡᠮᠵᠢᠶᠡᠨ ᠤ ᠦᠷ᠎ᠡ ᠪᠦᠲᠦᠮᠵᠢ ᠲᠠᠢ ᠠᠵᠢᠯ ᠬᠢᠵᠡᠶ ᠭᠡᠵᠦ ᠦᠵᠡᠪᠡ᠃ ᠡᠭᠦᠨ ᠤ ᠬᠠᠮᠲᠤ᠂ ᠪᠠᠶᠢᠴᠠᠭᠠᠨ | ᠰᠤᠳᠤᠯᠬᠤ ᠳᠤᠭᠤᠶᠢᠯᠠᠩ ᠪᠠᠰᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠠᠷᠠᠭᠠᠴᠢ ᠶᠢᠨ ᠠᠵᠢᠯ ᠳᠤ | ᠰᠠᠨᠠᠭᠤᠯᠭ᠎ᠠ ᠪᠠ ᠱᠠᠭᠠᠷᠳᠠᠯᠭ᠎ᠠ ᠳᠤᠷᠠᠳᠴᠤ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠦᠷᠭᠦᠯᠵᠢᠯᠡᠨ | ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ | ᠲᠥᠷᠥ ᠶᠢᠨ ᠵᠢᠯᠣᠭᠤᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢ ᠬᠦᠰᠡᠪᠡ︔ | ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ︔ ᠭᠡᠷ ᠪᠦᠯᠢ ᠭᠡᠷ ᠤᠨ | ᠬᠦᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠪᠦᠯᠢ ᠶᠢᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠠᠬᠢᠭᠤᠯᠤᠨ᠎ᠠ︔ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠵᠤ᠂ ᠡᠮᠡᠭᠲᠡᠶᠢᠴᠦᠳ ᠬᠡᠦᠬᠡᠳ ᠲᠤ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ | ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠲᠠᠬᠢᠨ ᠰᠢᠨ᠎ᠡ | ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠤᠨ᠎ᠠ᠃ | | | | | | | | |