ᠵᠢᠤ ᠶᠤᠸᠠᠨ ᠲᠣᠭᠤᠷᠢᠭ《 ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ》 ᠤᠨ ᠮᠡᠳᠡᠭᠦᠯᠦᠯᠲᠡ ᠶᠢᠨ ᠬᠤᠷᠠᠯ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2025/6/3
    ᠲᠠᠪᠤᠨ ᠰᠠᠷ᠎ᠠ ᠶᠢᠨ ᠵᠢᠤ ᠶᠤᠸᠠᠨ ᠳᠤ ᠠᠨᠠᠷ ᠶᠠᠭ ᠤᠯᠠᠭᠠᠨ᠂ ᠨᠣᠭᠤᠭᠠᠨ ᠰᠡᠭᠦᠳᠡᠷ ᠲᠠᠯ᠎ᠠ ᠳᠦᠭᠦᠷᠡᠩ᠃ 5 ᠰᠠᠷ᠎ᠠ ᠶᠢᠨ 28  ᠤ ᠡᠳᠦᠷ ᠤᠨ ᠦᠳᠡ ᠶᠢᠨ ᠡᠮᠦᠨ᠎ᠡ᠂ ᠪᠥᠬᠦ ᠲᠤᠭᠤᠷᠢᠭ ᠲᠤ《 ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ 》᠂《 ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ 》 ᠢ ᠭᠦᠨᠵᠡᠭᠡᠶ ᠥᠷᠨᠢᠭᠦᠯᠬᠦ ᠲᠠᠰᠢᠷᠠᠮ ᠢᠶᠠᠷ᠂ ᠵᠢᠤ ᠶᠤᠸᠠᠨ ᠲᠣᠭᠤᠷᠢᠭ ᠨᠠᠮ ᠵᠠᠰᠠᠭ ᠤᠨ ᠲᠣᠮᠣ ᠠᠰᠠᠷ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠲᠢᠩᠬᠢᠮ ᠳᠤ ᠠᠩᠬᠠᠳᠤᠭᠠᠷ ᠬᠤᠭᠤᠴᠠᠭᠠᠨ ᠤ《 ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ 》 ᠤᠨ ᠮᠡᠳᠡᠭᠦᠯᠦᠯᠲᠡ ᠶᠢᠨ ᠬᠤᠷᠠᠯ ᠢ ᠦᠪᠡᠳᠡᠭᠰᠢ ᠶᠡᠭᠡ ᠪᠠᠷ ᠡᠷᠭᠢᠯᠡᠵᠦ᠂ ᠲᠡᠷᠢᠭᠦᠨ ᠤ ᠬᠥᠮᠦᠰ ᠪᠠ ᠬᠠᠮᠲᠤ ᠨᠡᠶᠢᠲᠡ ᠶᠢᠨ ᠰᠡᠳᠬᠢᠯ ᠬᠥᠳᠡᠯᠭᠡᠮ᠎ᠡ ᠥᠯᠢᠭᠡᠷ ᠢ ᠶᠠᠷᠢᠬᠤ ᠪᠠᠷ ᠳᠡᠮᠵᠢᠨ᠂《 ᠳᠤᠮᠳᠠᠳᠤ ᠶᠢᠨ ᠦᠨᠳᠦᠰᠦᠲᠡᠨ ᠨᠢᠭᠡ ᠬᠡᠷ ᠮᠡᠲᠦ ᠳᠣᠲᠣᠨᠣ 》ᠪᠠᠶᠢᠬᠤ ᠭᠦᠨ ᠠᠭᠤᠯᠤᠭᠳᠠᠬᠤᠨ ᠢ ᠲᠠᠶᠢᠯᠪᠤᠷᠢᠯᠠᠵᠤ᠂ ᠵᠢᠤ ᠶᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠥᠷᠨᠢᠩᠭᠦᠶ ᠬᠥᠭᠵᠢᠯᠲᠡ ᠶᠢ ᠢᠯᠡᠷᠡᠭᠦᠯᠪᠡ᠃
11.jpg
    ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠰᠦᠩ ᠳ᠋ᠠᠨ ᠬᠤᠸᠠ ᠪᠠᠶᠠᠷ ᠤᠨ ᠦᠭᠡ ᠳᠡᠭᠡᠨ᠂ ᠲᠤᠰ ᠤᠳᠠᠭ᠎ᠠ ᠶᠢᠨ ᠮᠡᠳᠡᠭᠦᠯᠦᠯᠲᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠨᠡᠶᠢᠲᠡᠯᠢᠭ ᠬᠥᠮᠦᠨ ᠪᠣᠯᠤᠨ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠵᠢᠤ ᠶᠤᠸᠠᠨ ᠤ ᠡᠬᠡ ᠭᠠᠵᠠᠷ ᠲᠤ ᠦᠨᠳᠦᠰᠦᠯᠡᠭᠦᠯᠦᠨ ᠰᠣᠶᠣᠭᠠᠯᠠᠭᠤᠯᠵᠤ᠂ ᠡᠯᠪᠡᠭ ᠦᠷ᠎ᠡ ᠪᠦᠲᠦᠭᠡᠯ ᠭᠠᠷᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
22.jpg
     ᠱᠢ ᠵᠢᠢ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢᠳ《 ᠪᠠᠭᠠᠴᠤᠳ ᠤᠨ ᠪᠣᠳᠠᠰ ᠤᠨ ᠪᠤᠰᠤ ᠰᠣᠶᠣᠯ ᠤᠨ ᠥᠪ 》ᠭᠡᠬᠦ ᠦᠵᠡᠭᠳᠡᠯᠲᠦ ᠵᠦᠴᠦᠭᠡ ᠶᠢ ᠠᠪᠴᠢᠷᠠᠵᠤ᠂ ᠪᠠᠭᠠᠴᠤᠳ ᠤᠨ ᠮᠦᠽᠧᠢ ᠳᠤ ᠮᠡᠳᠡᠯᠭᠡ ᠶᠢ ᠬᠠᠶᠢᠨ ᠰᠦᠪᠡᠭᠴᠢᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠡᠭᠦᠷᠭᠡ ᠶᠢ ᠢᠯᠡᠷᠡᠭᠦᠯᠪᠡ᠃     ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠪᠤᠭᠤᠲᠤ ᠶᠢᠨ ᠵᠢᠦ ᠶᠤᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠲᠥᠯᠥᠭᠡᠯᠡᠭᠴᠢ ᠯᠢ ᠰᠢᠨ ᠯᠦ《 ᠭᠤᠷᠪᠠᠨ ᠪᠣᠳᠠᠲᠠᠢ ᠵᠢᠷᠭᠤᠭᠠᠨ ᠴᠢᠬᠤᠯᠠ 》ᠠᠵᠢᠯ ᠤᠨ ᠠᠷᠭ᠎ᠠ ᠪᠠᠨ ᠬᠤᠪᠢᠶᠠᠯᠴᠠᠪᠠ︔ ᠪᠤᠭᠤᠲᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠦᠨ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠴᠢᠦ ᠷᠦᠢ ᠯᠢᠨ ᠨᠥᠬᠦᠷ 12 ᠵᠢᠯ ᠤᠨ ᠲᠤᠷᠰᠢ《 ᠠᠷᠠᠳ ᠤᠨ ᠪᠠᠶᠢᠴᠠᠭᠠᠬᠤ ᠠᠵᠢᠯ ᠠᠷᠠᠳ ᠲᠦᠮᠡᠨ ᠤ ᠲᠥᠯᠥᠭᠡ ᠪᠠᠶᠢᠬᠤ 》ᠵᠣᠷᠢᠯᠲᠠ ᠶᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠤᠶᠢᠯᠠᠭᠠᠭᠳᠠᠬᠤᠨ ᠢ ᠪᠠᠶᠢᠴᠠᠭᠠᠬᠤ ᠠᠵᠢᠯ ᠤᠨ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠬᠥᠮᠦᠨ ᠨᠢᠭᠡᠪᠦᠷᠢ ᠴᠥᠮ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠵᠣ ᠴᠢᠳᠠᠨ᠎ᠠ ᠭᠡᠵᠦ ᠭᠡᠷᠡᠴᠢᠯᠡᠪᠡ︔ ᠬᠠᠮᠲᠤ ᠪᠠᠷ ᠪᠡᠶᠡᠵᠢᠨ ᠴᠢᠨᠡᠭᠡᠯᠢᠭᠵᠢᠬᠦ ᠳᠠᠭᠠᠭᠤᠯᠤᠭᠴᠢ᠂ ᠪᠠᠶᠠᠨᠰᠢᠯᠢ ᠵᠡᠭᠡᠯᠢ ᠭᠤᠳᠤᠮᠵᠢ ᠶᠢᠨ ᠰᠢᠷ᠎ᠠ ᠨᠤᠷ᠎ᠠ ᠶᠢᠨ ᠭᠤᠤᠯ ᠤᠨ ᠤᠮᠠᠷᠠᠲᠤ ᠲᠣᠰᠬᠤᠨ ᠤ ᠨᠠᠮ ᠤᠨ ᠡᠭᠦᠷ ᠤᠨ ᠱᠦᠵᠢ ᠳ᠋ᠦ᠋ ᡁᠢ ᠬᠤᠶ ᠲᠣᠰ ᠲᠣᠰᠬᠤᠨ ᠤ ᠦᠨᠳᠦᠰᠦᠲᠡᠨ ᠤ ᠪᠦᠯᠬᠦᠮᠳᠡᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠰᠡᠳᠬᠢᠯ ᠬᠥᠳᠡᠯᠭᠡᠮ᠎ᠡ ᠥᠯᠢᠭᠡᠷ ᠢ ᠶᠠᠷᠢᠪᠠ︔ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠣᠯᠬᠤ ᠠᠭᠠᠷᠤᠳᠠᠢ ᠰᠤᠮᠤᠨ ᠤ ᠤᠬᠠᠭᠤᠯᠬᠤ ᠭᠡᠰᠢᠭᠦᠨ ᠰᠠᠴᠤᠷᠠ《 ᠺᠠᠳ᠋ᠷ ᠮᠠᠯᠴᠢᠳ ᠶᠡᠬᠡᠪᠡᠷ ᠲᠦᠷᠦᠯ ᠰᠠᠳᠤᠨ ᠲᠠᠨᠢᠯᠴᠠᠬᠤ 》ᠰᠡᠳᠬᠢᠯ ᠬᠥᠳᠡᠯᠭᠡᠮ᠎ᠡ ᠥᠯᠢᠭᠡᠷ ᠢᠶᠠᠨ ᠬᠤᠪᠢᠶᠠᠯᠴᠠᠪᠠ᠃    ᠦᠵᠡᠭᠳᠡᠯᠲᠦ ᠵᠦᠴᠦᠭᠡ《 ᠬᠠᠪᠤᠷ ᠤᠨ ᠪᠣᠷᠣᠭᠠᠨ 》 ᠳᠤ᠂ ᠪᠦᠬᠦ ᠤᠯᠤᠰ ᠤᠨ ᠬᠠᠮᠤᠭ ᠤᠨ ᠭᠤᠶᠤ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢᠨ ᠬᠦᠷᠲᠡᠭᠴᠢ᠂ ᠵᠢᠤ ᠶᠤᠸᠠᠨ ᠲᠣᠭᠤᠷᠢᠭ ᠤᠨ ᠠᠭᠠᠷᠤᠳᠠᠢ ᠰᠤᠮᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠮᠠ ᠴᠦᠨ ᠢᠦᠢ ᠪᠣᠯᠤᠨ ᠬᠤᠯᠠᠭᠠᠶᠢᠯᠠᠨ ᠮᠠᠯᠲᠠᠬᠤ ᠠᠮᠢ ᠴᠦᠯᠡᠭᠴᠢ ᠠᠮᠢᠲᠠᠨ ᠤ ᠲᠡᠮᠡᠴᠡᠯ ᠤᠨ ᠳᠤᠮᠳᠠ ᠨᠢᠭᠡ ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠭᠰᠠᠨ ᠦᠯᠢᠬᠡᠷ ᠢ ᠶᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠢ ᠲᠠᠶᠢᠯᠪᠤᠷᠢᠯᠠᠪᠠ᠃ ᠬᠠᠮᠤᠭ ᠰᠡᠭᠦᠯ ᠳᠤ᠂ ᠮᠡᠳᠡᠭᠦᠯᠦᠯᠲᠡ ᠶᠢᠨ ᠬᠤᠷᠠᠯ ᠨᠢ ᠡᠷᠡᠭᠲᠡᠢ ᠶᠢᠨ ᠭᠤᠴᠣᠯᠠᠯ ᠳᠠᠭᠤᠤ《 ᠵᠡᠭᠦᠳᠦᠨ ᠳᠠᠬᠢ ᠡᠵᠢ 》 ᠶᠢᠨ ᠳᠤᠮᠳᠠ ᠥᠨᠳᠥᠷᠯᠡᠪᠡ᠃    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠥᠨᠢ ᠡᠭᠦᠷᠢᠳᠡ ᠶᠠᠷᠢᠵᠤ ᠪᠠᠷᠠᠬᠤ ᠦᠭᠡᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠬᠡᠵᠢᠶᠡᠳᠡ ᠳᠠᠭᠤᠰᠤᠰᠢ ᠦᠭᠡᠢ ᠶᠤᠮ᠃ ᠲᠣᠰ ᠤᠳᠠᠭᠠᠨ ᠤ ᠮᠡᠳᠡᠭᠦᠯᠦᠯᠲᠡ ᠶᠢᠨ ᠬᠤᠷᠠᠯ ᠳᠡᠭᠡᠷ᠎ᠡ ᠪᠥᠬᠦ ᠲᠤᠭᠤᠷᠢᠭ ᠤᠨ ᠪᠠᠶᠢᠭᠤᠯᠭ᠎ᠠ ᠶᠢᠨ ᠺᠠᠳ᠋ᠷᠴᠤᠳ 5 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠥᠮᠦᠰ ᠪᠠ ᠲᠡᠷᠢᠭᠦᠨ ᠤ ᠬᠠᠮᠲᠤ ᠨᠡᠶᠢᠲᠡ ᠶᠢᠨ ᠰᠡᠳᠬᠢᠯ ᠬᠥᠳᠡᠯᠭᠡᠮ᠎ᠡ ᠥᠯᠢᠭᠡᠷ ᠢ ᠰᠣᠨᠣᠰᠤᠭᠰᠠᠨ ᠪᠠ ᠰᠣᠨᠢᠷᠬᠠᠵᠤ᠂ ᠵᠢᠤ ᠶᠤᠸᠠᠨ ᠲᠤᠭᠤᠷᠢᠭ ᠤᠨ ᠦᠨᠳᠦᠰᠦᠲᠡᠨ ᠤ ᠠᠵᠢᠯ ᠤᠨ ᠣᠯᠤᠭᠰᠠᠨ ᠪᠠᠶᠠᠷᠯᠠᠭᠤᠰᠢᠲᠠᠶ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠡᠶ᠃ ᠲᠠᠷᠠᠭᠠᠴᠢ ᠪᠠᠷ᠂ ᠵᠢᠤ ᠶᠤᠸᠠᠨ ᠲᠣᠭᠤᠷᠢᠭ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠪᠦᠯᠬᠦᠮᠳᠡᠨ ᠨᠢᠭᠡᠳᠴᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号