ᠵᠢᠦ ᠶᠤᠸᠠᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠠᠴᠠ ᠡᠷᠬᠢᠯᠡᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/6/3
    ᠨᠤᠲᠤᠭ ᠪᠡᠯᠴᠢᠭᠡᠷ ᠨᠢ ᠥᠪᠥᠷ ᠮᠣᠩᠭᠤᠯ ᠤᠨ ᠬᠠᠮᠤᠭ ᠤᠨ ᠥᠷᠭᠡᠨ ᠠᠭᠤᠳᠠᠮ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠪᠣᠯᠤᠭᠰᠠᠨ ᠤ ᠬᠤᠪᠢ ᠳᠤ᠂ ᠤᠰᠤ ᠬᠥᠷᠥᠰᠥ ᠰᠢᠷᠣᠶ ᠶᠢ ᠬᠠᠮᠠᠭᠠᠯᠠᠬᠤ᠂ ᠠᠭᠠᠷ ᠢ ᠴᠡᠪᠡᠷᠰᠢᠭᠦᠯᠬᠦ᠂ ᠠᠭᠤᠷ ᠠᠮᠢᠰᠬᠤᠯ ᠢ ᠲᠣᠬᠢᠷᠠᠭᠤᠯᠬᠤ ᠵᠡᠷᠭᠡ ᠲᠠᠯ᠎ᠠ ᠪᠠᠷ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ᠂ ᠨᠤᠲᠤᠭ ᠪᠡᠯᠴᠢᠭᠡᠷ ᠤᠨ ᠲᠤᠭ᠎ᠠ ᠪᠦᠷᠢᠳᠬᠡᠯ ᠵᠡᠷᠭᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠠᠵᠢᠯ ᠢ ᠦᠨᠡᠨ ᠬᠦ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠵᠢᠯᠲᠠᠨ ᠲᠣᠮᠢᠯᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠶ ᠥᠷᠲᠡᠭᠡ ᠠᠴᠠ ᠡᠷᠭᠢᠯᠡᠭᠰᠡᠨ《 ᠨᠠᠮ ᠤᠨ ᠪᠠᠶᠢᠭᠤᠯᠤᠯᠲᠠ ᠪᠠᠷ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ  ᠪᠣᠳᠠᠲᠠᠶ ᠠᠵᠢᠯᠯᠠᠨ ᠪᠣᠬᠢᠷᠲᠤᠯ ᠥᠬᠡᠶ ᠡᠭᠦᠷᠭᠡᠯᠡᠯ ᠢ ᠦᠢᠯᠡᠳᠦᠯᠭᠡᠵᠢᠭᠦᠯᠦᠶ᠎ᠡ 》ᠭᠡᠬᠦ ᠭᠤᠤᠯ ᠰᠡᠳᠤᠪᠲᠤ ᠪᠥᠬᠦ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠳᠤ ᠣᠷᠣᠯᠴᠠᠪᠠ᠃
11.jpg
    ᠲᠣᠰ ᠤᠳᠠᠭᠠᠨ ᠤ ᠪᠤᠯᠪᠠᠰᠤᠷᠠᠯ ᠤᠨ ᠬᠢᠴᠢᠶᠡᠯ ᠤᠨ ᠠᠭᠤᠯᠭ᠎ᠠ ᠨᠢ ᠣᠯᠠᠨ ᠶᠠᠩᠵᠤ ᠶᠢᠨ ᠪᠠᠶᠢᠵᠤ᠂《 ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠢᠨᠵᠧᠨᠧᠷᠢᠩ ᠢ ᠬᠡᠷᠡᠭᠵᠢᠭᠦᠯᠬᠦ ᠠᠬᠢᠴᠠ ᠶᠢ ᠳᠡᠭᠡᠭᠰᠢ ᠮᠡᠳᠡᠭᠦᠯᠬᠦ ᠰᠢᠰᠲ᠋ᠧᠮ ᠤᠨ ᠠᠵᠢᠯᠯᠠᠭ᠎ᠠ 》᠂《 ᠬᠠᠷᠠᠯᠲᠠ ᠶᠢᠨ ᠤᠳᠤᠷᠢᠳᠤᠮᠵᠢ ᠳᠤᠤᠷ᠎ᠠ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠭᠰᠠᠨ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠠᠷᠭ᠎ᠠ ᠬᠡᠮᠵᠢᠶ᠎ᠡ ᠶᠢᠨ ᠭᠠᠵᠠᠷ ᠰᠣᠩᠭᠤᠬᠤ ᠪᠠ ᠬᠦᠴᠦᠨ ᠲᠠᠢ ᠬᠤᠭᠤᠴᠠᠭᠠᠨ ᠤ ᠦᠨᠡᠯᠡᠯᠲᠡ 》᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠤᠮᠠᠷᠠᠲᠤ ᠶᠢᠨ ᠢᠨᠵᠧᠨᠧᠷᠢᠩ ᠤᠨ ᠮᠥᠷᠳᠡᠵᠦ ᠬᠢᠨᠠᠨ ᠪᠤᠳᠤᠬᠤ ᠪᠤᠯᠪᠠᠰᠤᠷᠠᠯ ᠤᠨ ᠲᠥᠰᠦᠯ 》᠂《 ᠲᠠᠴᠢᠷᠳᠠᠭᠰᠠᠨ ᠨᠤᠲᠤᠭ ᠪᠡᠯᠴᠢᠭᠡᠷ ᠢ ᠣᠶᠢᠷ᠎ᠠ ᠠᠴᠠ ᠨᠢ ᠰᠡᠷᠭᠦᠭᠡᠨ ᠵᠠᠰᠠᠬᠤ ᠪᠠ ᠪᠡᠯᠴᠢᠭᠡᠷ ᠢ ᠰᠠᠶᠢᠵᠢᠷᠠᠭᠤᠯᠬᠤ ᠮᠡᠷᠭᠡᠵᠢᠯ 》᠂《 ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢ ᠭᠠᠵᠠᠷ ᠳᠡᠭᠡᠷᠡᠬᠢ ᠵᠢᠷᠤᠭ ᠤᠨ ᠬᠠᠮᠢᠶ᠎ᠠ ᠪᠥᠬᠦᠶ ᠱᠠᠭᠠᠷᠳᠠᠯᠭ᠎ᠠ ᠵᠢᠴᠢ ᠰᠢᠰᠲ᠋ᠧᠮ ᠤᠨ ᠠᠵᠢᠯᠯᠠᠭ᠎ᠠ 》ᠵᠡᠷᠭᠡ ᠣᠯᠠᠨ ᠬᠢᠴᠢᠶᠡᠯ ᠢ ᠬᠠᠮᠤᠷᠴᠠᠶ᠃    ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠲᠤᠰᠬᠠᠶ ᠮᠡᠷᠭᠡᠵᠢᠯ ᠤᠨ ᠠᠵᠢᠯᠲᠠᠨ ᠲᠠᠯ᠎ᠠ ᠨᠤᠲᠤᠭ ᠤᠨ ᠠᠮᠢ ᠠᠬᠤᠶ ᠶᠢ ᠵᠠᠰᠠᠨ ᠰᠡᠷᠭᠦᠭᠡᠬᠦ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠶᠡᠷᠦᠩᠬᠡᠶᠢᠯᠡᠭᠰᠡᠨ ᠠᠵᠢᠯ ᠤᠨ ᠴᠢᠳᠠᠪᠤᠷᠢ ᠶᠢ ᠨᠡᠮᠡᠭᠳᠡᠭᠦᠯᠪᠡ᠃ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠃ ᠵᠠᠯᠭᠠᠭᠠᠳ᠂ ᠮᠠᠨ ᠤ ᠲᠣᠪᠴᠢᠶ᠎ᠠ ᠵᠢᠦ ᠶᠤᠸᠠᠨ ᠲᠣᠭᠤᠷᠢᠭ ᠤᠨ ᠣᠳᠣᠬᠠᠨ ᠳᠤ ᠶᠠᠭ ᠠᠬᠢᠭᠤᠯᠵᠤ ᠪᠠᠶᠢᠭ᠎ᠠ《 ᠭᠤᠷᠪᠠᠨ ᠤᠮᠠᠷᠠᠲᠤ 》 ᠶᠢᠨ ᠢᠨᠵᠧᠨᠧᠷᠢᠩ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠬᠠᠮᠢᠶ᠎ᠠ ᠪᠥᠬᠦᠶ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠪᠣᠯᠤᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号