ᠵᠢᠤ ᠶᠤᠸᠠᠨ ᠲᠤᠭᠤᠷᠢᠭ ᠤᠨ ᠣᠶ ᠰᠢᠭᠤᠶ ᠶᠢᠨ ᠡᠬᠢ ᠪᠠᠶᠠᠯᠢᠭ ᠢ ᠦᠨᠡᠨ ᠬᠦ ᠬᠠᠮᠠᠭᠠᠯᠠᠵᠤ᠂ ᠣᠶ ᠰᠢᠭᠤᠶ ᠶᠢᠨ | ᠬᠥᠨᠥᠭᠡᠯᠲᠡᠶ ᠠᠮᠢᠳᠤ ᠪᠣᠳᠠᠰ ᠤᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠠᠮᠢ | ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠵᠢᠤ ᠶᠤᠸᠠᠨ ᠲᠤᠭᠤᠷᠢᠭ ᠤᠨ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠢᠳᠡᠪᠬᠢᠲᠡᠶ ᠬᠥᠳᠡᠯᠦᠯᠴᠡᠵᠦ᠂ ᠣᠶ ᠰᠢᠭᠤᠶ ᠶᠢᠨ ᠬᠥᠨᠥᠭᠡᠯᠲᠡᠶ ᠠᠮᠢᠳᠤ | ᠪᠣᠳᠠᠰ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠮᠧᠷᠢᠺᠠ ᠶᠢᠨ ᠴᠠᠭᠠᠨ | ᠡᠷᠪᠡᠬᠡᠢ ᠂ ᠨᠠᠷᠠᠰᠤᠨ ᠮᠠᠲ᠋ᠧᠷᠢᠶᠠᠯ ᠤᠨ ᠤᠲᠠᠰᠤ ᠬᠤᠷᠣᠬᠠᠶ ᠶᠢᠨ ᠡᠪᠡᠳᠴᠢᠨ᠂ ᠤᠯᠠᠭᠠᠨ ᠥᠭᠡᠬᠦ ᠶᠢᠨ ᠶᠡᠭᠡ ᠪᠠᠭ᠎ᠠ | ᠵᠠᠷᠮ᠎ᠠ ᠬᠤᠷᠤᠬᠠᠢ ᠵᠡᠷᠭᠡ ᠣᠶ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠳᠤ ᠭᠤᠤᠯᠳᠠᠯᠭ᠎ᠠ ᠲᠠᠢ | ᠴᠢᠭᠯᠡᠭᠦᠯᠦᠨ᠂ ᠮᠡᠬᠡᠯᠡᠨ ᠪᠠᠷᠢᠬᠤ ᠪᠠᠭᠠᠵᠢ ᠡᠯᠭᠦᠬᠦ ᠠᠷᠭ᠎ᠠ ᠮᠠᠶ᠋ᠢᠭ ᠢᠶᠠᠷ ᠴᠢᠩᠭ᠎ᠠ ᠬᠢᠨᠠᠨ ᠬᠡᠮᠵᠢᠯᠲᠡ ᠬᠢᠪᠠ᠃ | | | | ᠠᠵᠢᠯᠲᠠᠳ ᠵᠢᠦ ᠶᠤᠸᠠᠨ ᠲᠣᠭᠤᠷᠢᠭ ᠤᠨ ᠭᠤᠤᠯᠳᠠᠯᠭ᠎ᠠ ᠲᠠᠢ ᠰᠢᠭᠤᠶᠢᠲᠤ ᠣᠷᠣᠨ ᠪᠠ ᠵᠠᠮ ᠤᠨ ᠬᠤᠶᠠᠷ | ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ ᠵᠡᠷᠭᠡ ᠣᠷᠣᠨ ᠳᠤ ᠭᠦᠨᠵᠡᠭᠡᠶᠢᠷᠡᠨ᠂ ᠴᠡᠭ ᠢ ᠭᠢᠰᠬᠢᠨ | ᠪᠠᠶᠢᠷᠢᠰᠢᠭᠤᠯᠵᠤ᠂ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠠᠮᠧᠷᠢᠺᠠ ᠶᠢᠨ ᠴᠠᠭᠠᠨ ᠡᠷᠪᠡᠬᠡᠢ ᠶᠢ ᠮᠠᠬᠡᠯᠡᠨ | ᠪᠠᠷᠢᠬᠤ ᠪᠠᠭᠠᠵᠢ᠂ ᠭᠠᠴᠤᠷ᠎ᠠ ᠶᠢᠨ ᠴᠡᠴᠡᠭᠲᠦ ᠢᠮᠠᠯᠵᠢ ᠶᠢᠨ ᠮᠠᠬᠡᠯᠡᠨ ᠪᠠᠷᠢᠬᠤ ᠪᠠᠭᠠᠵᠢ ᠪᠠ ᠤᠯᠠᠭᠠᠨ ᠥᠭᠡᠬᠦ ᠶᠢᠨ | ᠶᠡᠭᠡ ᠪᠠᠭ᠎ᠠ ᠵᠠᠷᠮ᠎ᠠ ᠬᠤᠷᠤᠬᠠᠢ ᠮᠠᠬᠡᠯᠡᠨ ᠪᠠᠷᠢᠬᠤ ᠪᠠᠭᠠᠵᠢ ᠶᠢ ᠲᠣᠬᠢᠷᠠᠮᠵᠢᠲᠠᠶ ᠪᠠᠶᠢᠷᠢᠨ ᠳᠤ ᠡᠯᠭᠦᠵᠦ᠂ ᠮᠠᠬᠡᠯᠡᠨ | ᠪᠠᠷᠢᠬᠤ ᠪᠠᠭᠠᠵᠢ ᠨᠢᠭᠡᠪᠦᠷᠢ ᠴᠥᠮ ᠬᠠᠮᠤᠭ ᠤᠨ ᠶᠡᠭᠡ ᠦᠢᠯᠡᠳᠦᠯ ᠪᠠᠳᠠᠷᠠᠭᠤᠯᠵᠤ ᠴᠢᠳᠠᠬᠤ ᠶᠢ ᠪᠠᠲᠤᠯᠠᠨ᠎ᠠ᠃ | ᠨᠡᠶᠢᠲᠡ 20 ᠢᠵᠢ ᠠᠮᠧᠷᠢᠺᠠ ᠶᠢᠨ ᠴᠠᠭᠠᠨ ᠡᠷᠪᠡᠬᠡᠢ ᠶᠢ ᠮᠠᠬᠡᠯᠡᠨ ᠪᠠᠷᠢᠬᠤ ᠪᠠᠭᠠᠵᠢ᠂ ᠭᠠᠴᠤᠷ᠎ᠠ ᠶᠢᠨ ᠴᠡᠴᠡᠭᠲᠦ | ᠢᠮᠠᠯᠵᠢ ᠶᠢᠨ ᠮᠠᠬᠡᠯᠡᠨ ᠪᠠᠷᠢᠬᠤ ᠪᠠᠭᠠᠵᠢ 20 ᠢᠵᠢ᠂ ᠤᠯᠠᠭᠠᠨ ᠥᠭᠡᠬᠦ ᠶᠢᠨ ᠶᠡᠭᠡ ᠪᠠᠭ᠎ᠠ ᠵᠠᠷᠮ᠎ᠠ ᠬᠤᠷᠤᠬᠠᠢ | ᠮᠠᠬᠡᠯᠡᠨ ᠪᠠᠷᠢᠬᠤ ᠪᠠᠭᠠᠵᠢ 6 ᠢᠵᠢ ᠶᠢ ᠡᠯᠭᠦᠭᠰᠡᠨ ᠪᠠᠶᠢᠨ᠎ᠠ᠃ ᠡᠭᠦᠨ ᠤ ᠬᠠᠮᠲᠤ ᠪᠠᠰᠠ ᠲᠤᠰᠬᠠᠶ ᠬᠥᠮᠦᠨ | ᠲᠣᠬᠢᠷᠠᠭᠤᠯᠤᠨ ᠮᠠᠬᠡᠯᠡᠨ ᠪᠠᠷᠢᠬᠤ ᠪᠠᠭᠠᠵᠢ ᠶᠢ ᠲᠣᠭᠲᠠᠭᠰᠠᠨ ᠬᠤᠭᠤᠴᠠᠭ᠎ᠠ ᠲᠠᠢ ᠠᠵᠢᠭᠯᠠᠨ᠂ ᠪᠠᠶᠢᠴᠠᠭᠠᠬᠤ ᠪᠠ | ᠴᠡᠪᠡᠷᠯᠡᠵᠦ᠂ ᠪᠠᠷᠢᠵᠤ ᠠᠪᠤᠭᠰᠠᠨ ᠬᠥᠨᠥᠭᠡᠯᠲᠦ ᠰᠢᠪᠠᠵᠢ ᠶᠢᠨ ᠲᠤᠭ᠎ᠠ ᠬᠡᠮᠵᠢᠶ᠎ᠡ᠂ ᠲᠥᠷᠥᠯ ᠵᠦᠢᠯ ᠪᠠ ᠴᠠᠭ | ᠬᠤᠭᠤᠴᠠᠭ᠎ᠠ ᠵᠡᠷᠭᠡ ᠰᠤᠷᠠᠭ ᠵᠠᠩᠭᠢ ᠶᠢ ᠨᠠᠷᠢᠨ ᠲᠡᠮᠳᠡᠭᠯᠡᠵᠦ᠂ ᠡᠪᠡᠳᠴᠢᠨ ᠬᠤᠷᠣᠬᠠᠶ ᠶᠢᠨ ᠬᠥᠨᠥᠭᠡᠯ ᠡᠭᠦᠰᠬᠦ | ᠬᠥᠳᠡᠯᠦᠯ ᠪᠠ ᠵᠢᠮ᠎ᠡ ᠶᠣᠰᠣ ᠶᠢ ᠴᠠᠭ ᠲᠤᠬᠠᠶ ᠳᠤᠨᠢ ᠡᠵᠡᠮᠰᠢᠬᠦ ᠳᠤ ᠳᠦᠭᠦᠮ ᠪᠤᠯᠤᠨ᠎ᠠ᠃ | ᠲᠣᠰ ᠤᠳᠠᠭᠠᠨ ᠤ ᠡᠯ᠎ᠡ ᠲᠥᠷᠥᠯ ᠤᠨ ᠮᠡᠬᠡᠯᠡᠨ ᠪᠠᠷᠢᠬᠤ ᠪᠠᠭᠠᠵᠢ ᠡᠯᠭᠦᠭᠰᠡᠨ ᠵᠢᠴᠢ ᠬᠢᠨᠠᠨ ᠬᠡᠮᠵᠢᠵᠦ | ᠰᠡᠷᠭᠡᠶᠢᠯᠡᠨ ᠵᠠᠰᠠᠬᠤ ᠠᠵᠢᠯ ᠪᠣᠯ ᠮᠠᠨ ᠤ ᠲᠤᠭᠤᠷᠢᠭ ᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ | ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠵᠣᠷᠢᠯᠭ᠎ᠠ ᠨᠢ ᠠᠮᠧᠷᠢᠺᠠ ᠶᠢᠨ ᠴᠠᠭᠠᠨ | ᠡᠷᠪᠡᠬᠡᠶ᠂ ᠨᠠᠷᠠᠰᠤᠨ ᠮᠠᠲ᠋ᠧᠷᠢᠶᠠᠯ ᠤᠨ ᠤᠲᠠᠰᠤ ᠬᠤᠷᠣᠬᠠᠶ ᠶᠢᠨ ᠡᠪᠡᠳᠴᠢᠨ᠂ ᠤᠯᠠᠭᠠᠨ ᠥᠭᠡᠬᠦ ᠶᠢᠨ ᠶᠡᠭᠡ ᠪᠠᠭ᠎ᠠ | ᠵᠠᠷᠮ᠎ᠠ ᠬᠤᠷᠤᠬᠠᠢ ᠵᠡᠷᠭᠡ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ《 ᠡᠷᠲᠡ ᠢᠯᠡᠷᠡᠭᠦᠯᠬᠦ᠂ ᠡᠷᠲᠡ | ᠰᠡᠷᠡᠮᠵᠢᠯᠡᠭᠦᠯᠬᠦ᠂ ᠡᠷᠲᠡ ᠰᠡᠷᠭᠡᠶᠢᠯᠡᠨ ᠵᠠᠰᠠᠬᠤ 》 ᠶᠢ ᠪᠡᠶᠡᠯᠡᠭᠦᠯᠵᠦ᠂ ᠡᠪᠡᠳᠴᠢᠨ ᠬᠤᠷᠣᠬᠠᠶ ᠶᠢᠨ ᠬᠥᠨᠥᠭᠡᠯ | ᠡᠭᠦᠰᠬᠦ ᠬᠥᠭᠵᠢᠯᠲᠡ ᠶᠢᠨ ᠬᠠᠨᠳᠤᠰᠢ ᠶᠢ ᠴᠠᠭ ᠲᠤᠬᠠᠶ ᠳᠤᠨᠢ ᠡᠵᠡᠮᠰᠢᠵᠦ᠂ ᠲᠠᠷᠠᠭᠠᠴᠢ ᠶᠢᠨ ᠣᠨᠣᠪᠴᠢᠲᠠᠶ ᠪᠠᠷ | ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠶᠢ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠶᠢᠨ | ᠲᠥᠯᠥᠭᠡ ᠶᠤᠮ᠃ ᠲᠠᠷᠠᠭᠠᠴᠢ ᠪᠠᠷ᠂ ᠵᠢᠦ ᠶᠤᠸᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠬᠢᠨᠠᠨ ᠬᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠮᠠᠨ ᠤ ᠲᠤᠭᠤᠷᠢᠭ ᠤᠨ ᠣᠶ ᠰᠢᠭᠤᠶ ᠶᠢᠨ ᠠᠮᠢ ᠠᠬᠤᠶ ᠶᠢᠨ | ᠰᠢᠰᠲ᠋ᠧᠮ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠪᠠᠲᠤᠯᠠᠨ᠎ᠠ᠃ | | | | | | | |