5 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠷᠢᠨᠭᠡᠷ ᠪᠠᠯᠭᠠᠰᠤᠨ ᠤ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠵᠥᠪᠯᠡᠯ ᠠᠴᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠮᠠ ᠰᠢᠤᠸᠠᠢ ᠸᠧᠨ ᠢ ᠤᠷᠢᠵᠤ ᠵᠢᠤ ᠶᠤᠸᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ | ᠢᠯᠭᠠᠯ ᠤᠨ ᠭᠡᠰᠢᠭᠦᠳ ᠢ ᠳᠠᠭᠠᠭᠤᠯᠤᠨ ᠬᠤᠶᠠᠳᠤᠭᠠᠷ ᠤᠯᠠᠷᠢᠯ ᠤᠨ ᠨᠢᠭᠤᠷᠳᠠᠨ ᠰᠠᠶᠢᠲᠤᠷ ᠵᠥᠪᠳᠡᠯᠴᠡᠬᠦ | ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ | | | | ᠬᠤᠷᠠᠯ ᠠᠴᠠ ᠡᠮᠦᠨ᠎ᠡ᠂ ᠭᠡᠰᠢᠭᠦᠳ ᠱᠧᠨ ᠬᠤᠸᠠ ᠶᠢᠨ ᠬᠤᠶᠠᠳᠤᠭᠠᠷ ᠬᠤᠭᠤᠴᠠᠭᠠᠨ ᠤ ᠠᠮᠢᠳᠤᠷᠠᠯ ᠤᠨ | ᠦᠢᠯᠡᠴᠢᠯᠡᠭᠡᠨ ᠤ ᠲᠣᠭᠤᠷᠢᠭ᠂ ᠴᠢᠶᠣᠤ ᠭᠧ ᠳ᠋ᠦ᠋ ᠲᠣᠰᠬᠤᠨ ᠤ ᠤᠭᠰᠠᠷᠠᠮᠠᠯ ᠮᠠᠶ᠋ᠢᠭ ᠤᠨ ᠬᠦᠯᠡᠮᠵᠢ ᠶᠢᠨ ᠭᠤᠸ᠎ᠠ ᠶᠢᠨ | ᠠᠵᠤ ᠦᠢᠯᠡᠰ ᠤᠨ ᠲᠣᠭᠤᠷᠢᠭ᠂ ᠭᠤᠸᠠᠨᠵᠢᠶᠠᠩ ᠲᠣᠰᠬᠤᠨ ᠤ ᠯᠢ ᠴᠢᠩ ᠢᠩᠲᠤᠤᠷ ᠤᠨ ᠬᠦᠷᠢᠶᠡᠯᠡᠩ ᠵᠡᠷᠭᠡ | ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠳᠤ ᠬᠦᠷᠴᠦ ᠲᠤᠭᠤᠷᠢᠨ ᠰᠤᠷᠪᠤᠯᠵᠢᠯᠠᠵᠤ᠂ ᠲᠦᠷᠦᠯ | ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠦᠢᠯᠡᠰ ᠤᠨ ᠬᠥᠭᠵᠢᠯᠲᠡ ᠶᠢᠨ | ᠣᠳᠣᠬᠢ ᠪᠠᠶᠢᠳᠠᠯ᠂ ᠲᠤᠯᠭᠠᠷᠠᠵᠤ ᠪᠠᠶᠢᠭ᠎ᠠ ᠬᠦᠴᠢᠷᠳᠡᠯ ᠵᠢᠴᠢ ᠢᠷᠡᠭᠡᠳᠦᠢ ᠶᠢᠨ ᠲᠥᠯᠥᠪᠵᠢᠭᠦᠯᠭᠡ ᠶᠢ ᠨᠠᠷᠢᠨ | ᠣᠶᠢᠯᠠᠭᠠᠵᠤ᠂ ᠦᠨᠳᠦᠰᠦᠨ ᠱᠠᠲᠤᠨ ᠤ ᠬᠥᠭᠵᠢᠯᠲᠡ ᠶᠢᠨ ᠠᠩᠬᠠᠨ ᠤ ᠮᠠᠲ᠋ᠧᠷᠢᠶᠠᠯ ᠢ ᠡᠵᠡᠮᠰᠢᠪᠡ᠃ | ᠳᠠᠷᠠᠭ᠎ᠠ ᠨᠢ ᠶᠠᠷᠢᠯᠴᠠᠬᠤ ᠬᠤᠷᠠᠯ ᠵᠤᠬᠢᠶᠠᠨ ᠪᠠᠶᠢᠭᠤᠯᠵᠤ ᠬᠤᠷᠠᠯᠳᠤᠪᠠ᠂ ᠬᠤᠷᠠᠯ ᠳᠡᠭᠡᠷ᠎ᠡ ᠪᠠᠯᠭᠠᠰᠤᠨ ᠤ ᠤᠯᠤᠰ | ᠲᠥᠷᠥ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠡᠷᠬᠢᠯᠡᠭᠴᠢ ᠵᠠᠩ ᠬᠠᠶ ᠪᠥᠸᠧ ᠣᠯᠠᠨ ᠢ ᠳᠠᠭᠠᠭᠤᠯᠤᠨ《 | ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ 》 ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠤᠨ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠪᠠ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠵᠤ᠂ ᠵᠥᠪᠯᠡᠯᠭᠡ ᠬᠢᠬᠦ ᠳᠤ | ᠣᠨᠣᠯ ᠤᠨ ᠰᠠᠭᠤᠷᠢ ᠶᠢ ᠪᠠᠬᠢᠵᠢᠭᠦᠯᠪᠡ᠃ | ᠶᠠᠷᠢᠯᠴᠠᠵᠤ ᠰᠣᠯᠢᠯᠴᠠᠬᠤ ᠭᠤᠭᠴᠤᠭ᠎ᠠ ᠳᠤ᠂ ᠬᠤᠷᠠᠯ ᠳᠤ ᠣᠷᠣᠯᠴᠠᠭᠰᠠᠳ《 ᠢᠨᠲ᠋ᠧᠷ ᠰᠦᠯᠵᠢᠶᠡᠨ ᠤ | ᠲᠠᠪᠴᠠᠩ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ 》ᠭᠡᠬᠦ ᠭᠤᠣᠯ | ᠰᠡᠳᠦᠪ ᠤᠨ ᠲᠣᠭᠤᠷᠢᠨ ᠳᠤ᠂ ᠲᠤᠰ ᠡᠳᠦᠷ ᠤᠨ ᠰᠤᠷᠪᠤᠯᠵᠢᠯᠠᠨ ᠪᠠᠶᠢᠴᠠᠭᠠᠨ ᠰᠤᠳᠤᠯᠬᠤ ᠳᠤᠮᠳᠠ ᠣᠯᠵᠤ | ᠮᠡᠳᠡᠭᠰᠡᠨ ᠠᠵᠤ ᠦᠢᠯᠡᠰ ᠤᠨ ᠡᠪᠡᠷᠰᠢᠶᠡᠯ᠂ ᠬᠥᠭᠵᠢᠯᠲᠡ ᠶᠢᠨ ᠬᠢᠯᠠᠰ ᠴᠡᠭ ᠪᠣᠯᠤᠨ ᠦᠢᠯᠡᠳᠦᠯᠭᠡ ᠶᠢᠨ | ᠬᠦᠴᠢᠷᠳᠡᠯ ᠲᠠᠢ ᠤᠶᠠᠯᠳᠤᠭᠤᠯᠵᠤ᠂ ᠤᠯᠠᠨ ᠲᠠᠯ᠎ᠠ ᠠᠴᠠ᠂ ᠭᠦᠨ ᠳᠠᠪᠬᠤᠷᠭ᠎ᠠ ᠶᠢᠨ ᠬᠠᠯᠠᠭᠤᠨ ᠰᠤᠳᠤᠯᠤᠨ | ᠶᠠᠷᠢᠯᠴᠠᠭ᠎ᠠ ᠥᠷᠨᠢᠭᠦᠯᠵᠦ᠂ ᠤᠢ ᠪᠢᠯᠢᠭ ᠤᠨ ᠤᠴᠢ ᠪᠠᠳᠠᠷᠠᠪᠠ᠃ ᠡᠭᠦᠨ ᠠᠴᠠ ᠭᠠᠳᠠᠨ᠎ᠠ᠂ ᠡᠷᠬᠢᠯᠡᠭᠴᠢ ᠵᠠᠩ ᠬᠠᠶ | ᠪᠥᠸᠧ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠶᠢᠨ ᠱᠠᠲᠤ ᠦᠶ᠎ᠡ ᠶᠢᠨ ᠴᠢᠨᠠᠷᠲᠠᠶ ᠠᠵᠢᠯ ᠤᠨ | ᠦᠷ᠎ᠡ ᠪᠦᠲᠦᠭᠡᠯ ᠪᠣᠯᠤᠨ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠡᠭᠦᠷᠭᠡ ᠶᠢᠨ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠬᠠᠷᠢᠭᠤ ᠮᠡᠳᠡᠭᠦᠯᠪᠡ᠃ ᠭᠡᠰᠢᠭᠦᠳ ᠤᠨ ᠲᠤᠬᠠᠶ ᠶᠢᠨ ᠲᠠᠯᠠᠪᠠᠶ ᠶᠢᠨ ᠰᠤᠳᠤᠯᠤᠨ ᠶᠠᠷᠢᠯᠴᠠᠬᠤ ᠰᠠᠨᠠᠭᠤᠯᠭ᠎ᠠ | ᠲᠠᠢ ᠤᠶᠠᠯᠳᠤᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠬᠡᠷᠡᠭᠴᠡᠭᠡ ᠶᠢᠨ ᠨᠠᠷᠢᠨ | ᠬᠠᠭᠤᠳᠠᠰᠤ ᠶᠢ ᠦᠳᠲᠡᠷ ᠲᠦᠷᠭᠡᠨ ᠡᠮᠬᠢᠯᠡᠨ ᠪᠦᠷᠢᠯᠳᠦᠭᠦᠯᠵᠦ᠂ ᠣᠯᠠᠨ ᠲᠦᠮᠡᠨ ᠤ ᠪᠠᠴᠢᠮ ᠬᠦᠴᠢᠷᠳᠡᠯ ᠪᠠ | ᠬᠦᠰᠡᠯ ᠡᠷᠡᠮᠡᠯᠵᠡᠯ ᠲᠠᠢ ᠤᠨᠤᠪᠴᠢᠲᠠᠢ ᠵᠣᠯᠭᠠᠭᠤᠯᠪᠠ᠃ ᠲᠣᠭᠤᠷᠢᠨ ᠰᠤᠷᠪᠤᠯᠵᠢᠯᠠᠬᠤ ᠳᠤᠮᠳᠠ ᠣᠯᠵᠤ ᠮᠡᠳᠡᠭᠰᠡᠨ 2 | ᠶᠠᠳᠠᠭᠤ ᠬᠦᠴᠢᠷᠳᠡᠯᠲᠡᠶ ᠬᠡᠷ ᠪᠦᠯᠢ ᠳᠤ ᠴᠢᠭᠯᠡᠭᠦᠯᠦᠨ᠂ ᠭᠡᠰᠢᠭᠦᠳ ᠬᠠᠪᠰᠤᠷᠤᠨ ᠲᠡᠳᠬᠦᠬᠦ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠮᠡᠳᠡᠷᠡᠪᠡ : ᠰᠢᠤᠸᠠᠢ ᠹᠧᠩ ᠭᠡᠰᠢᠭᠦᠨ ᠬᠡᠷ ᠪᠠᠶᠢᠰᠢᠩ ᠨᠢ ᠡᠪᠳᠡᠷᠡᠵᠦ ᠰᠦᠢᠳᠦᠭᠰᠡᠨ ᠬᠡᠷ | ᠪᠦᠯᠢ ᠳᠤ ᠬᠡᠷᠡᠮ ᠢ ᠰᠢᠷᠳᠡᠬᠦ ᠦᠢᠯᠡᠴᠢᠯᠡᠭᠡ ᠬᠠᠩᠭᠠᠨ᠎ᠠ ᠭᠡᠵᠦ ᠠᠮᠠᠯᠠᠵᠠᠶ︔ ᠡᠤ ᠫᠧᠩ ᠴᠧᠩ ᠭᠡᠰᠢᠭᠦᠨ ᠡᠭᠦᠳᠡ | ᠴᠣᠩᠬᠤ ᠲᠠᠭᠠᠷᠠᠭᠤᠯᠵᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠎ᠠ︔ ᠳ᠋ᠤᠸᠠᠨ ᠵᠢᠶᠠᠨ ᠸᠧᠢ | ᠭᠡᠰᠢᠭᠦᠨ ᠲᠡᠷᠡ ᠳᠠᠷᠤᠢ ᠳᠤᠨᠢ ᠶᠠᠳᠠᠭᠤ ᠬᠦᠴᠢᠷᠳᠡᠯᠲᠡᠢ 1ᠰᠤᠷᠤᠭᠴᠢ ᠳᠤ ᠰᠤᠷᠤᠯᠭ᠎ᠠ ᠶᠢ ᠲᠡᠳᠬᠦᠬᠦ ᠠᠵᠢᠯ | ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠤᠷᠤᠭᠴᠢᠳ ᠤᠨ ᠬᠦᠰᠡᠯ ᠡᠷᠡᠮᠡᠯᠵᠡᠯ ᠢ ᠬᠥᠭᠵᠢᠭᠡᠵᠦ᠂ ᠴᠠᠭ | ᠲᠤᠬᠠᠢ ᠳᠤᠨᠢ ᠵᠥᠪᠯᠡᠬᠦ ᠦᠷ᠎ᠡ ᠪᠦᠲᠦᠭᠡᠯ ᠢ ᠦᠨᠡᠨᠬᠦ ᠠᠷᠠᠳ ᠲᠤ ᠠᠰᠢᠭ ᠬᠦᠷᠲᠡᠭᠡᠬᠦ ᠪᠠᠷ ᠪᠤᠯᠪᠠ᠃ | ᠡᠴᠦᠰ ᠲᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠸᠧᠨ | ᠲᠣᠰ ᠤᠳᠠᠭᠠᠨ ᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠤᠲᠠᠯᠠᠪᠠ᠃ ᠲᠡᠷᠡ ᠵᠢᠭᠠᠵᠤ | ᠭᠠᠷᠭᠠᠭᠰᠠᠨ ᠨᠢ᠂ ᠠᠵᠢᠯᠯᠠᠭ᠎ᠠ ᠨᠢ ᠪᠠᠶᠢᠴᠠᠭᠠᠨ ᠰᠤᠳᠤᠯᠤᠯᠲᠠ᠂ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠪᠠᠷ | ᠳᠡᠮᠵᠢᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠦᠨᠳᠦᠰᠦᠨ ᠱᠠᠲᠤ ᠲᠠᠢ ᠨᠢᠭᠲᠠ | ᠬᠠᠷᠢᠯᠴᠠᠬᠤ ᠪᠠᠷ ᠪᠠᠷᠠᠬᠤ ᠥᠬᠡᠶ ᠪᠠᠰᠠ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠠᠷᠠᠭ᠎ᠠ ᠶᠢ | ᠥᠷᠭᠡᠳᠬᠡᠵᠦ᠂ ᠪᠣᠶ ᠪᠣᠯᠤᠭᠰᠠᠨ ᠰᠠᠨᠠᠭᠤᠯᠭ᠎ᠠ ᠨᠢ ᠴᠥᠮ ᠪᠣᠳᠠᠲᠤ ᠴᠢᠨᠠᠷ ᠪᠠ ᠤᠷᠢᠳᠠᠴᠢ ᠴᠢᠨᠠᠷ ᠲᠠᠢ ᠶᠤᠮ᠃ | ᠲᠡᠷᠡ᠂ ᠴᠢᠶᠣᠤ ᠭᠧ ᠳ᠋ᠦ᠋ ᠲᠣᠰᠬᠤᠨ ᠤ ᠲᠤᠷᠰᠢᠯᠭ᠎ᠠ ᠶᠢ ᠳᠡᠯᠭᠡᠷᠡᠭᠦᠯᠦᠭᠦᠰᠢᠲᠡᠶ ᠶᠤᠮ᠂ ᠡᠯ᠎ᠡ ᠲᠣᠰᠬᠤᠨ《 | ᠨᠢᠭᠡᠳᠦᠭᠡᠷ ᠠᠵᠤ ᠦᠢᠯᠡᠰ ᠢ ᠥᠷᠭᠡᠳᠬᠡᠵᠦ᠂ ᠬᠤᠶᠠᠳᠤᠭᠠᠷ ᠠᠵᠤ ᠦᠢᠯᠡᠰ ᠢ ᠨᠡᠮᠡᠭᠳᠡᠭᠦᠯᠵᠦ᠂ ᠭᠤᠷᠪᠠᠳᠤᠭᠠᠷ ᠠᠵᠤ | ᠦᠢᠯᠡᠰ ᠢ ᠰᠢᠢᠳᠪᠦᠷᠢᠯᠡᠬᠦ 》ᠰᠡᠳᠬᠢᠮᠵᠢ ᠶᠢᠨ ᠲᠣᠭᠤᠷᠢᠨ ᠳᠤ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠠᠵᠢᠯ ᠤᠨ | ᠲᠥᠯᠥᠪᠵᠢᠭᠦᠯᠭᠡ ᠳᠤ ᠴᠢᠭᠯᠡᠭᠦᠯᠦᠨ᠂ ᠲᠡᠷᠡ ᠭᠡᠰᠢᠭᠦᠳ ᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠬᠤᠷᠠᠯ | ᠳᠡᠭᠡᠷ᠎ᠡ ᠳᠤᠭᠲᠠᠭᠠᠭᠰᠠᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠡᠭᠦᠷᠭᠡ ᠲᠤᠰᠢᠶᠠᠯ ᠢᠶᠠᠨ ᠭᠦᠢᠴᠡᠳᠭᠡᠬᠦ | ᠨᠠᠷᠢᠨ ᠲᠠᠩᠰᠠ ᠪᠣᠯᠭᠠᠨ ᠬᠤᠪᠢᠷᠠᠭᠤᠯᠵᠤ᠂ ᠠᠷᠠᠳ ᠤᠨ ᠠᠮᠢᠳᠤᠷᠠᠯ ᠤᠨ ᠡᠪᠡᠷᠰᠢᠶᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠪᠰᠤᠷᠤᠨ ᠲᠡᠳᠬᠦᠬᠦ ᠶᠢ ᠭᠥᠯᠢᠶᠡᠨ ᠠᠪᠬᠤ ᠪᠣᠳᠠᠲᠠᠶ ᠶᠢ ᠡᠷᠬᠢᠮᠯᠡᠬᠦ ᠰᠤᠷᠲᠠᠯ ᠢᠶᠠᠷ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠥᠪᠯᠡᠯᠭᠡ ᠶᠢᠨ ᠦᠷ᠎ᠡ ᠪᠦᠲᠦᠭᠡᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠬᠤᠷᠢᠨᠭᠡᠷ ᠪᠠᠯᠭᠠᠰᠤᠨ ᠤ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠬᠥᠳᠡᠯᠭᠡᠬᠦ ᠡᠨᠧᠷᠭᠢ | ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃ | | | | | | | | |