ᠡᠷᠦᠬᠡ ᠳᠤ ᠣᠷᠣᠵᠤ ᠠᠷᠠᠳ ᠤᠨ ᠪᠠᠶᠢᠳᠠᠯ ᠢ ᠰᠤᠷᠪᠤᠯᠵᠢᠯᠠᠬᠤ ᠂ ᠲᠤᠭ᠎ᠠ ᠪᠠᠷᠢᠮᠲᠠ ᠪᠠᠷ ᠰᠢᠯᠢᠳᠡᠭ ᠦᠢᠯᠡᠴᠢᠯᠡᠬᠦ
ᠨᠡᠶᠢᠲᠡᠯᠡᠭᠰᠡᠨ ᠴᠠᠭ᠄
2025/6/4
    ᠣᠶᠢᠷ᠎ᠠ ᠳᠤ᠂ ᠬᠤᠩ ᠰᠢᠶᠠᠩ ᠨᠡᠶᠢᠭᠡᠮ ᠲᠣᠭᠤᠷᠢᠭ ︽ᠬᠥᠮᠦᠨ ᠠᠮᠠ ᠶᠢᠨ ᠮᠡᠳᠡᠭᠡ ᠵᠠᠩᠭᠢ ᠶᠢ ᠡᠵᠡᠮᠰᠢᠬᠦ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠳᠤ ᠬᠦᠷᠴᠦ ᠰᠤᠷᠪᠤᠯᠵᠢᠯᠠᠬᠤ ᠲᠤᠰᠬᠠᠶ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠳᠠᠷᠠᠭᠠᠯᠠᠨ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ ᠨᠢᠭᠤᠷᠲᠠᠨ ᠰᠣᠯᠢᠯᠴᠠᠬᠤ᠂ ᠴᠠᠭᠠᠰᠤᠨ ᠬᠦᠰᠦᠨᠦᠭᠲᠦ ᠶᠢ ᠳᠠᠩᠰᠠᠯᠠᠬᠤ ᠵᠢᠴᠢ ᠡᠯᠧᠺᠲᠷᠣᠨ ᠰᠢᠰᠲ᠋ᠧᠮ ᠤᠨ ᠣᠷᠣᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷ ᠪᠦᠯᠢ ᠶᠢᠨ ᠪᠦᠷᠢᠯᠳᠦᠬᠦᠨ ᠤ ᠦᠨᠳᠦᠰᠦᠨ ᠮᠡᠳᠡᠭᠡ ᠵᠠᠩᠭᠢ᠂ ᠬᠠᠷᠢᠯᠴᠠᠬᠤ ᠠᠷᠭ᠎ᠠ ᠮᠠᠶ᠋ᠢᠭ᠂ ᠣᠷᠣᠨ ᠰᠠᠭᠤᠴᠠ ᠶᠢᠨ ᠪᠠᠶᠢᠳᠠᠯ ᠵᠡᠷᠭᠡ ᠰᠠᠭᠤᠷᠢ ᠲᠤᠭ᠎ᠠ ᠪᠠᠷᠢᠮᠲᠠ ᠶᠢ ᠨᠠᠷᠢᠨ ᠲᠡᠮᠳᠡᠭᠯᠡᠵᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ᠂ ᠰᠣᠶᠣᠯ ᠤᠨ ᠠᠵᠢᠯᠯᠠᠭ᠎ᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ ᠶᠢᠨ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠵᠡᠷᠭᠡᠪᠡᠷ ᠴᠤᠭᠯᠠᠭᠤᠯᠬᠤ ᠬᠡᠷᠡᠭᠲᠡᠶ᠃
11.jpg
    ᠠᠵᠢᠯᠲᠠᠳ ︽ᠵᠣᠭᠤᠭᠳᠠᠬᠤ︾ ᠬᠡᠯᠪᠡᠷᠢ ᠪᠠᠷ ᠰᠠᠭᠤᠭᠠᠯᠢ ᠠᠷᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠨᠡᠶᠢᠲᠡ 150 ᠭᠠᠷᠤᠶ ᠪᠦᠲᠦᠮᠵᠢᠲᠡᠶ ᠰᠠᠨᠠᠯ ᠴᠤᠭᠯᠠᠭᠤᠯᠵᠤ᠂ ᠠᠭᠤᠯᠭ᠎ᠠ ᠨᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠨᠡᠮᠡᠬᠦ᠂ ᠬᠤᠭ ᠨᠣᠪᠰᠢ ᠶᠢ ᠲᠥᠷᠥᠯ ᠬᠤᠪᠢᠶᠠᠬᠤ ᠴᠡᠭ ᠢ ᠰᠢᠯᠢᠳᠡᠭᠵᠢᠭᠦᠯᠬᠦ᠂ ᠨᠠᠰᠤᠲᠠᠶᠢᠴᠤᠳ ᠤᠨ ᠭᠠᠷ ᠤᠲᠠᠰᠤᠨ ᠤ ᠬᠢᠴᠢᠶᠡᠯ ᠤᠨ ᠲᠠᠩᠬᠢᠮ ᠵᠢᠴᠢ ᠵᠠᠯᠠᠭᠤᠴᠤᠳ ᠤᠨ ᠤᠷᠠᠨ ᠪᠢᠴᠢᠯᠭᠡ ᠶᠢᠨ ᠬᠢᠴᠢᠶᠡᠯ ᠤᠨ ᠲᠠᠩᠬᠢᠮ ᠵᠡᠷᠭᠡ ᠶᠢ ᠨᠡᠭᠡᠭᠡᠬᠦ ᠳᠤ ᠬᠤᠯᠪᠣᠭᠳᠠᠨ᠎ᠠ᠃ ᠰᠠᠭᠤᠭᠠᠯᠢ ᠠᠷᠠᠳ ᠤᠨ ᠲᠤᠰᠬᠠᠯ ᠲᠥᠪᠯᠡᠷᠡᠭᠰᠡᠨ ︽ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭ᠎ᠠ ᠨᠢ ᠬᠠᠮᠲᠤᠯᠢᠭ ᠤᠨ ᠲᠠᠩ ᠴᠤᠯᠭᠤᠶ︾ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠰᠠᠨᠠᠮᠵᠢ ᠶᠢᠨ ᠪᠠᠶᠢᠴᠠᠭᠠᠨ ᠰᠤᠳᠤᠯᠤᠯᠲᠠ ᠬᠢᠵᠦ᠂ ᠵᠠᠯᠠᠭᠤᠴᠤᠳ ᠤᠨ ᠤᠷᠠᠨ ᠪᠢᠴᠢᠯᠭᠡ᠂ ᠬᠥᠭᠵᠢᠮ ᠤᠨ ᠲᠠᠮᠢᠷ᠂ ᠪᠡᠶ᠎ᠡ ᠴᠢᠭᠢᠷᠠᠭᠵᠢᠭᠤᠯᠬᠤ ᠲᠠᠮᠢᠷ᠂ ᠪᠥᠵᠢᠭ ᠵᠡᠷᠭᠡ 10 ᠲᠥᠷᠥᠯ ᠤᠨ ᠳᠠᠯᠳᠠ ᠬᠡᠷᠡᠭᠴᠡᠭᠡ ᠱᠠᠭᠠᠷᠳᠠᠯᠭ᠎ᠠ ᠶᠢ ᠠᠩᠬ᠎ᠠ ᠠᠯᠬᠤᠮ ᠡᠮᠬᠢᠯᠡᠨ ᠭᠠᠷᠭᠠᠪᠠ᠃    ᠳᠠᠷᠠᠭᠠᠴᠢ ᠶᠢᠨ ᠠᠯᠬᠤᠮ ᠳᠤ᠂ ᠬᠤᠩ ᠰᠢᠶᠠᠩ ᠨᠡᠶᠢᠭᠡᠮ ᠲᠣᠭᠤᠷᠢᠭ ᠤᠨ ᠬᠢᠨ ᠠᠵᠢᠯᠯᠠᠬᠤ ᠠᠷᠭ᠎ᠠ ᠪᠠᠨ ᠢᠳᠡᠪᠬᠢᠲᠡᠢ ᠳᠤᠬᠢᠷᠠᠭᠤᠯᠵᠤ᠂ ᠰᠤᠷᠪᠤᠯᠵᠢᠯᠠᠭᠰᠠᠨ ᠲᠤᠭ᠎ᠠ ᠪᠠᠷᠢᠮᠲᠠ ᠶᠢ ᠲᠦᠷᠦᠯ ᠬᠤᠪᠢᠶᠠᠨ ᠬᠤᠷᠢᠶᠠᠩᠭᠤᠶᠢᠯᠠᠬᠤ ᠪᠠ ᠲᠤᠮᠤ ᠳ᠋ᠠᠶᠢᠲ᠋ᠠ ᠶᠢᠨ ᠵᠠᠳᠠᠯᠤᠯᠲᠠ ᠬᠢᠵᠦ᠂ ︽ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢᠨ ᠴᠠᠭᠠᠨ ᠭᠠᠳᠠᠷᠲᠤ ᠪᠢᠴᠢᠭ︾ ᠢ ᠪᠦᠷᠢᠯᠳᠦᠭᠦᠯᠵᠦ᠂ ᠣᠨ ᠤ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠲᠤᠬᠢᠷᠠᠭᠤᠯᠬᠤ ᠳᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠦᠨᠳᠦᠰᠦᠯᠡᠯ ᠬᠠᠩᠭᠠᠨ᠎ᠠ᠃ ᠡᠭᠦᠨ ᠤ ᠬᠠᠮᠲᠤ᠂ ᠪᠠᠶᠢᠩᠭᠤᠵᠢᠭᠰᠠᠨ ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ ᠤᠯᠠᠷᠢᠯ ᠪᠦᠷᠢ ᠭᠤᠣᠯᠳᠠᠯᠭ᠎ᠠ ᠲᠠᠢ ᠭᠡᠷ ᠪᠦᠯᠢ ᠳᠤ ᠬᠠᠷᠢᠭᠤ ᠰᠤᠷᠪᠤᠯᠵᠢᠯᠠᠭ᠎ᠠ ᠬᠢᠵᠦ᠂ ᠬᠡᠷᠡᠭᠴᠡᠭᠡ ᠶᠢᠨ ᠡᠬᠡ ᠲᠠᠩᠰᠠ ᠶᠢ ᠬᠥᠳᠡᠯᠦᠩᠭᠦᠢ ᠪᠠᠷ ᠰᠢᠨᠡᠳᠬᠡᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠢᠮᠠᠭᠲᠠ ︽ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠰᠠᠨᠠᠭ᠎ᠠ ᠶᠢ ᠳᠤᠯᠠᠭᠠᠴᠠᠭᠤᠯᠬᠤ︾ ᠶᠢ ᠪᠠᠲᠤᠯᠠᠬᠤ ᠬᠡᠷᠡᠭᠲᠡᠢ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号