5 ᠰᠠᠷ᠎ᠠ ᠶᠢᠨ 30 ᠤ ᠡᠳᠦᠷ᠂ ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂《 ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ 》《 ᠨᠠᠢᠮᠠᠨ ᠲᠣᠭᠲᠠᠭᠠᠯ ᠤᠨ ᠳᠤᠮᠳᠠᠳᠤ ᠤᠯᠤᠰ ᠢ | ᠬᠤᠪᠢᠷᠠᠭᠤᠯᠤᠭᠰᠠᠨ ᠨᠢ 》 ᠶᠢ ᠨᠠᠷᠢᠨ ᠬᠢᠨᠠᠮᠠᠭᠠᠢ ᠰᠤᠷᠤᠯᠴᠠᠬᠤ ᠶᠢᠨ ᠲᠣᠭᠤᠷᠢᠨ ᠳᠤ᠂ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠠᠷ ᠲᠦᠷᠦᠭᠦᠯᠡᠨ᠂ ᠪᠦᠬᠦ ᠨᠠᠮ ᠢᠶᠠᠷ ᠢᠶᠠᠨ ᠬᠥᠳᠡᠯᠦᠯᠴᠡᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠪᠦᠬᠦ | ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠤᠨ ᠲᠣᠭᠲᠠᠯ ᠬᠦᠴᠦᠨ ᠢᠶᠠᠨ ᠴᠢᠩᠭᠠᠳᠬᠠᠵᠤ᠂ ᠳᠠᠳᠬᠠᠯ ᠲᠠᠢ | ᠪᠣᠯᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠠᠵᠢᠯ ᠬᠢᠵᠦ ᠦᠢᠯᠡᠰ ᠪᠤᠰᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ《 ᠵᠢᠤ ᠶᠤᠸᠠᠨ ᠤ | ᠬᠠᠷᠢᠭᠤᠯᠲᠠ ᠶᠢᠨ ᠬᠠᠭᠤᠳᠠᠰᠤ 》 ᠶᠢ ᠰᠠᠶᠢᠲᠤᠷ ᠪᠢᠴᠢᠭᠯᠡᠬᠦ ᠳᠤ ᠬᠦᠴᠦᠲᠡᠢ ᠪᠠᠲᠤᠯᠠᠭ᠎ᠠ ᠬᠠᠩᠭᠠᠬᠤ ᠲᠤᠰᠬᠠᠢ | ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠭ᠎ᠠ ᠥᠷᠨᠢᠭᠦᠯᠪᠡ᠃ ᠰᠤᠷᠤᠯᠴᠠᠯᠭ᠎ᠠ ᠶᠢ ᠬᠤᠪᠢ ᠬᠥᠮᠦᠨ | ᠥᠪᠡᠰᠦᠪᠡᠨ ᠰᠤᠷᠤᠯᠴᠠᠬᠤ᠂ ᠬᠠᠮᠲᠤ ᠪᠠᠷ ᠰᠤᠷᠤᠯᠴᠠᠬᠤ᠂ ᠳᠠᠭᠠᠭᠤᠯᠤᠨ ᠰᠤᠷᠤᠯᠴᠠᠬᠤ ᠪᠠ ᠰᠤᠳᠤᠯᠤᠨ | ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠤᠨ᠎ᠠ᠃ | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠪᠠ᠃ | ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠤᠭᠤᠷᠢᠭ ᠤᠨ ᠤᠳᠤᠷᠢᠳᠤᠯᠭ᠎ᠠ ᠯᠢᠦ ᠶᠧ᠂ ᠯᠢ ᠺᠠᠶ ᠲᠣᠰ ᠲᠤᠰ《ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ 》᠂《 ᠨᠠᠢᠮᠠᠨ ᠲᠣᠭᠲᠠᠭᠠᠯ ᠤᠨ ᠳᠤᠮᠳᠠᠳᠤ ᠤᠯᠤᠰ ᠢ | ᠬᠤᠪᠢᠷᠠᠭᠤᠯᠤᠭᠰᠠᠨ ᠨᠢ 》ᠭᠡᠬᠦ ᠲᠣᠭᠲᠠᠭᠠᠯ ᠢ ᠳᠠᠭᠠᠭᠤᠯᠤᠨ ᠰᠤᠷᠤᠯᠴᠠᠵᠤ᠂ ᠲᠤᠭᠤᠷᠢᠭ ᠤᠨ ᠤᠳᠤᠷᠢᠳᠤᠯᠭ᠎ᠠ ᠯᠢᠦ | ᠱᠢ᠂ ᠵᠠᠩ ᠴᠦᠨ ᠰᠢᠶᠠ᠂ ᠰᠢᠶᠧ ᠳ᠋ᠡ ᠭᠠᠩ᠂ ᠹᠧᠩ ᠯᠸᠢ᠂ ᠷᠧᠨ ᠰᠢᠤᠢ ᠴᠧᠨ᠂ ᠱᠢ ᠵᠥᠩ ᠴᠢᠤᠸᠠᠨ᠂ ᠵᠣᠣ | ᠰᠢᠨ᠂ ᠮᠠ ᠰᠢᠤᠸᠠᠢ ᠸᠧᠨ ᠰᠤᠳᠤᠯᠤᠨ ᠶᠠᠷᠢᠯᠴᠠᠬᠤ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ | ᠦᠭᠡ ᠬᠡᠯᠡᠵᠦ᠂ ᠭᠤᠤᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠮᠠᠲ᠋ᠧᠷᠢᠶᠠᠯ ᠳᠡᠪᠰᠢᠭᠦᠯᠪᠡ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠵᠤ ᠣᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ ᠶᠢ ᠭᠦᠨᠵᠡᠭᠡᠢ ᠲᠠᠨᠢᠵᠤ᠂ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠲᠤᠰ ᠰᠠᠯᠠᠭ᠎ᠠ ᠮᠥᠴᠢᠷ᠂ ᠲᠤᠰ ᠬᠦᠷᠢᠶ᠎ᠡ᠂ | ᠲᠤᠰ ᠨᠢᠭᠡᠴᠢ ᠶᠢᠨ ᠡᠳᠡᠭᠡᠷ ᠵᠢᠯ ᠤᠨ ᠰᠤᠷᠲᠠᠯ ᠤᠨ ᠪᠠᠶᠢᠭᠤᠯᠤᠯᠲᠠ ᠶᠢ ᠠᠳᠬᠤᠭᠰᠠᠨ ᠪᠣᠳᠠᠲᠠᠢ ᠦᠢᠯᠡᠳᠦᠯᠭᠡ ᠲᠠᠢ | ᠬᠠᠷᠢᠯᠴᠠᠵᠤ᠂ ᠰᠤᠷᠤᠯᠴᠠᠯᠭ᠎ᠠ ᠬᠥᠮᠦᠵᠢᠯ ᠥᠷᠨᠢᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠷᠡᠰ ᠪᠠᠲᠤ | ᠴᠢᠨᠠᠷ᠂ ᠤᠬᠠᠮᠰᠠᠷᠲᠤ ᠴᠢᠨᠠᠷ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠰᠤᠷᠤᠯᠴᠠᠭᠰᠠᠨ ᠦᠷ᠎ᠡ ᠪᠦᠲᠦᠮᠵᠢ ᠶᠢ ᠣᠳᠣᠬᠠᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ | ᠬᠢᠬᠦ ᠳᠤᠮᠳᠠ ᠭᠦᠢᠴᠡᠳ ᠢᠯᠡᠷᠡᠭᠦᠯᠵᠦ᠂ ᠰᠤᠷᠬᠤ ᠪᠠ ᠬᠡᠷᠡᠭᠯᠡᠬᠦ ᠶᠢ ᠤᠶᠠᠯᠳᠤᠭᠤᠯᠤᠨ᠂ ᠰᠤᠷᠬᠤ ᠪᠠᠷ | ᠠᠵᠢᠯᠯᠠᠭ᠎ᠠ ᠪᠠᠨ ᠠᠬᠢᠭᠤᠯᠵᠤ᠂ ᠪᠥᠬᠦ ᠲᠤᠭᠤᠷᠢᠭ ᠤᠨ ᠳᠡᠭᠡᠳᠦ ᠳᠤᠤᠷᠠᠳᠤ ᠱᠠᠲᠤᠨ ᠤ ᠠᠵᠢᠯ ᠬᠢᠵᠦ ᠦᠢᠯᠡᠰ | ᠴᠣᠭᠴᠠᠯᠠᠬᠤ ᠴᠤᠭ ᠰᠦᠯᠳᠡ ᠶᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠶ᠃ ᠳᠡᠭᠡᠳᠦ ᠱᠠᠲᠤ ᠨᠢ ᠳᠤᠤᠷᠠᠳᠤ | ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ ᠠᠭᠤᠰᠬᠠᠨ᠂ ᠪᠠᠶᠢᠩᠭᠤ | ᠠᠳᠬᠤᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ᠂ | ᠣᠷᠳᠣ ᠬᠤᠭᠤᠴᠠᠭ᠎ᠠ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | | | |