ᠣᠶᠢᠷ᠎ᠠ ᠳᠤ᠂《 ᠨᠠᠢᠮᠠᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ | ᠱᠠᠭᠠᠷᠳᠠᠯᠭ᠎ᠠ ᠶᠢ ᠴᠤᠤᠷᠢᠶᠠᠲᠤᠨ ᠳᠠᠭᠠᠵᠤ᠂《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠬᠠᠤᠯᠢ ᠶᠢᠨ ᠪᠢᠴᠢᠭ 》 ᠢ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠳᠤ | ᠠᠭᠤᠰᠤᠯᠴᠠᠭᠤᠯᠬᠤ ᠶᠢ ᠠᠬᠢᠭᠤᠯᠵᠤ᠂ ᠰᠤᠷᠤᠭᠴᠢᠳ ᠤᠨ ᠬᠠᠤᠯᠢ ᠪᠠᠷ ᠵᠠᠰᠠᠬᠤ ᠰᠡᠳᠬᠢᠬᠦᠶ ᠪᠣᠯᠤᠨ ᠤᠬᠠᠮᠰᠠᠷ ᠢ | ᠴᠢᠩᠭᠠᠳᠬᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠠᠷ | ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠠᠷ ᠠᠵᠠ ᠲᠣᠬᠢᠶᠠᠯ ᠪᠣᠯᠭᠠᠨ᠂ ᠵᠢᠤ ᠶᠤᠸᠠᠨ | ᠲᠣᠭᠤᠷᠢᠭ ᠤᠨ ᠰᠢᠷ᠎ᠠ ᠨᠤᠷ᠎ᠠ ᠭᠤᠤᠯ ᠤᠨ ᠪᠠᠭ᠎ᠠ ᠰᠤᠷᠭᠠᠭᠤᠯᠢ ᠳᠤ ᠬᠦᠷᠴᠦ ᠬᠠᠤᠯᠢ ᠪᠠᠷ ᠵᠠᠰᠠᠬᠤ ᠤᠬᠠᠭᠤᠯᠭ᠎ᠠ | ᠲᠠᠶᠢᠯᠤᠮᠵᠢ ᠬᠢᠪᠠ᠃ | | | | ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ《 ᠬᠠᠤᠯᠢ ᠶᠢᠨ ᠪᠢᠴᠢᠭ | ᠰᠤᠷᠭᠠᠭᠤᠯᠢ ᠶᠢᠨ ᠬᠦᠷᠢᠶᠡᠨ ᠤ ᠵᠠᠮ ᠢ ᠬᠠᠮᠠᠭᠠᠯᠠᠵᠤ᠂ ᠵᠠᠯᠠᠭᠤ ᠨᠠᠰᠤ ᠬᠠᠤᠯᠢ ᠪᠠᠷ ᠵᠠᠰᠠᠬᠤ ᠣᠩᠭᠤᠴᠠ ᠶᠢᠨ | ᠳᠠᠷᠪᠠᠭᠤᠯ ᠢᠶᠠᠨ ᠬᠡᠶᠢᠰᠬᠡᠨ 》 ᠭᠤᠤᠯ ᠰᠡᠳᠦᠪ ᠪᠣᠯᠭᠠᠵᠤ᠂ ᠬᠡᠦᠬᠡᠳ ᠤᠳ ᠲᠠᠢ ᠨᠢᠭᠲᠠ ᠬᠤᠯᠪᠣᠭ᠎ᠠ ᠲᠠᠢ《 | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ | ᠬᠠᠤᠯᠢ》《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠶᠠᠯ᠎ᠠ | ᠬᠢᠬᠦ ᠶᠢ ᠰᠡᠷᠭᠡᠶᠢᠯᠡᠬᠦ ᠬᠠᠤᠯᠢ 》ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ | ᠶᠠᠷᠢᠵᠤ᠂ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠮᠢᠳᠤᠯᠢᠭ ᠪᠥᠭᠡᠳ ᠰᠣᠨᠢᠷᠬᠠᠯᠲᠠᠶ ᠠᠷᠭ᠎ᠠ | ᠬᠡᠯᠪᠡᠷᠢ ᠪᠠᠷ ᠬᠠᠤᠯᠢ ᠴᠠᠭᠠᠵᠠ ᠶᠢᠨ ᠵᠦᠢᠯ ᠵᠤᠷᠪᠤᠰ ᠢ ᠲᠠᠶᠢᠯᠪᠤᠷᠢᠯᠠᠨ ᠥᠭᠴᠦ᠂ ᠣᠯᠠᠨ ᠢ ᠰᠣᠨᠣᠰᠴᠤ᠂ ᠴᠡᠭᠡᠵᠢᠯᠡᠨ᠂ | ᠰᠤᠷᠴᠤ᠂ ᠬᠡᠷᠡᠭᠯᠡᠵᠦ ᠳᠡᠶᠢᠯᠬᠦ ᠪᠣᠯᠭᠠᠨ᠎ᠠ᠃ ᠤᠬᠠᠭᠤᠯᠤᠨ ᠲᠠᠶᠢᠯᠪᠤᠷᠢᠯᠠᠬᠤ ᠠᠬᠤᠢ ᠲᠠᠯᠠᠪᠠᠢ ᠳᠤ᠂ ᠬᠡᠦᠬᠡᠳ ᠤᠳ | ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠢᠳᠡᠪᠬᠢᠲᠡᠢ ᠣᠷᠣᠯᠴᠠᠵᠤ᠂ ᠬᠡᠦᠬᠡᠳ ᠤᠳ ᠤᠨ ᠵᠥᠪ ᠪᠤᠷᠤᠭᠤ ᠶᠢ | ᠢᠯᠭᠠᠨ ᠲᠠᠨᠢᠬᠤ᠂ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠮᠤᠷ ᠠᠮᠤᠭᠤᠯᠠᠩ ᠡᠶ᠎ᠡ | ᠵᠣᠬᠢᠴᠠᠩᠭᠤᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠰᠠᠭᠤᠷᠢ ᠲᠠᠯᠪᠢᠵᠠᠢ᠃ | ᠰᠤᠷᠭᠠᠭᠤᠯᠢ ᠶᠢᠨ ᠪᠠᠭᠰᠢ :《 ᠬᠠᠤᠯᠢ ᠲᠦᠭᠡᠮᠡᠯᠵᠢᠭᠦᠯᠬᠦ ᠬᠠᠤᠯᠢ ᠰᠤᠷᠬᠤ ᠶᠢ ᠬᠡᠦᠬᠡᠳ ᠪᠠᠭᠠᠴᠤᠳ ᠠᠴᠠ | ᠡᠬᠢᠯᠡᠨ ᠠᠳᠬᠤᠬᠤ ᠬᠡᠷᠡᠭᠲᠡᠶ᠂ ᠡᠨᠡ ᠤᠳᠠᠭᠠᠨ ᠤ ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ ᠬᠡᠦᠬᠡᠳ ᠤᠨ | ᠰᠡᠳᠬᠢᠯ ᠳᠤ ᠬᠠᠤᠯᠢ ᠪᠠᠷ ᠵᠠᠰᠠᠬᠤ ᠦᠷ᠎ᠡ ᠶᠢ ᠠᠮᠵᠢᠯᠲᠠ ᠲᠠᠢ ᠪᠠᠷ ᠰᠠᠴᠤᠵᠤ᠂ ᠲᠡᠳᠡᠨ ᠤ ᠦᠷᠭᠦᠯᠵᠢᠯᠡᠨ | ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠪᠣᠯᠤᠨ᠎ᠠ 》ᠭᠡᠵᠦ ᠢᠯᠡᠷᠬᠡᠶᠢᠯᠡᠵᠡᠶ᠃ | ᠲᠠᠷᠠᠭᠠᠴᠢ ᠪᠠᠷ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠭᠤᠤᠯᠳᠠᠯᠭ᠎ᠠ ᠲᠠᠢ ᠠᠵᠢᠯ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ | ᠵᠠᠰᠠᠬᠤ ᠬᠢᠴᠢᠶᠡᠯ ᠤᠨ ᠲᠠᠩᠬᠢᠮ ᠢ ᠪᠠᠶᠢᠩᠭᠤᠵᠢᠭᠤᠯᠤᠨ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠪᠦᠷᠬᠦᠴᠡ ᠶᠢ | ᠥᠷᠭᠡᠳᠬᠡᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠨ ᠬᠠᠮᠠᠭᠠᠯᠠᠨ᠎ᠠ᠃ | | | | | | | |