5 ᠰᠠᠷ᠎ᠠ ᠶᠢᠨ 30 ᠤ ᠡᠳᠦᠷ᠂《 ᠰᠢᠨ᠎ᠡ ᠠᠶᠠᠨ ᠵᠠᠮ ᠢ ᠴᠤᠤᠷᠢᠶᠠᠳᠤᠭᠤᠯᠤᠶ᠎ᠠ · ᠤᠯᠠᠭᠠᠨ | ᠠᠨᠠᠷ》2025 ᠣᠨ ᠤ ᠪᠤᠭᠤᠲᠤ ᠬᠤᠳᠠ ᠶᠢᠨ ᠤᠨᠤᠯ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠲᠡᠭᠦᠰ | ᠠᠮᠵᠢᠯᠲᠠ ᠲᠠᠢ ᠥᠨᠳᠥᠷᠯᠡᠪᠡ᠃ ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠢᠤ | ᠶᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠰᠣᠩᠭᠤᠨ | ᠬᠦᠷᠭᠡᠭᠰᠡᠨ《 ᠨᠠᠮ ᠢᠶᠠᠨ ᠳᠠᠭᠠᠵᠤ ᠰᠢᠨ᠎ᠡ ᠴᠠᠭ ᠦᠶ᠎ᠡ ᠳᠤ ᠲᠡᠮᠡᠴᠡᠵᠦ ᠪᠦᠯᠬᠦᠮᠳᠡᠵᠦ ᠬᠦᠰᠡᠯ ᠵᠡᠭᠦᠳᠦ ᠪᠠᠨ | ᠲᠡᠷᠭᠡᠯᠰᠢᠭᠦᠯᠬᠦ ᠰᠢᠨ᠎ᠡ ᠠᠶᠠᠨ 》ᠭᠡᠬᠦ ᠤᠷᠤᠯᠳᠤᠭᠠᠨ ᠳᠤ ᠣᠷᠣᠯᠴᠠᠭᠰᠠᠨ ᠲᠥᠯᠥᠭᠡᠯᠡᠭᠴᠢ ᠶᠢᠨ ᠪᠦᠲᠦᠭᠡᠯ ᠵᠢᠤ | ᠶᠤᠸᠠᠨ ᠲᠣᠭᠤᠷᠢᠭ ᠢ ᠲᠦᠯᠦᠭᠡᠯᠡᠵᠦ ᠤᠷᠤᠯᠳᠤᠭᠠᠨ ᠳᠤ ᠣᠷᠣᠯᠴᠠᠵᠤ᠂ ᠵᠢᠦ ᠶᠤᠸᠠᠨ ᠤ ᠣᠭ ᠶᠣᠰᠣᠨ ᠤ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠯᠢᠶᠠᠩ ᠰᠢᠶᠤᠤ ᠮᠢᠨ᠂ ᠯᠢᠶᠠᠩ ᠬᠤᠩ ᠮᠧᠶ᠂ ᠯᠢ ᠰᠢᠨ | ᠵᠡᠷᠭᠡ ᠬᠥᠮᠦᠰ《 ᠣᠨᠣᠯ + ᠦᠵᠡᠭᠳᠡᠯ ᠤᠨ ᠲᠠᠶᠢᠯᠪᠤᠷᠢᠯᠠᠯ 》 ᠤᠨ ᠰᠢᠨ᠎ᠡ ᠶᠢ ᠡᠭᠦᠳᠬᠦ ᠤᠬᠠᠭᠤᠯᠤᠨ | ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠭᠤᠶᠢᠳᠠ ᠰᠠᠶᠢᠬᠠᠨ ᠢᠯᠡᠷᠡᠭᠦᠯᠵᠦ᠂ ᠦᠷ᠎ᠡ ᠪᠦᠲᠦᠮᠵᠢ ᠨᠢ ᠲᠤᠬᠠᠶ ᠶᠢᠨ | ᠲᠠᠯᠠᠪᠠᠶ ᠶᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠵᠢᠴᠢ ᠦᠵᠡᠭᠴᠢᠳ ᠤᠨ ᠰᠠᠶᠢᠨ ᠦᠨᠡᠯᠡᠯᠲᠡ ᠶᠢ ᠣᠯᠵᠤ᠂ | ᠡᠴᠦᠰ ᠲᠡᠭᠡᠨ ᠤᠷᠤᠯᠳᠤᠭᠠᠨ ᠳᠤ ᠣᠷᠣᠯᠴᠠᠭᠰᠠᠨ 20 ᠲᠥᠷᠥᠯ ᠵᠦᠢᠯ ᠠᠴᠠ ᠴᠣᠯᠭᠤᠷᠠᠨ ᠭᠠᠷᠴᠤ᠂ ᠮᠠᠩᠯᠠᠶᠢᠯᠠᠪᠠ︕ | | | | ᠲᠤᠰ ᠪᠦᠲᠦᠭᠡᠯ ᠨᠢ ᠳᠤᠷᠠᠰᠤᠮᠵᠢ ᠶᠢᠨ ᠭᠡᠷᠡᠯ ᠵᠢᠷᠤᠭᠲᠤ ᠳᠡᠪᠲᠡᠷ ᠢᠶᠠᠷ ᠦᠵᠡᠭᠴᠢᠳ ᠢ ᠳᠠᠭᠠᠭᠤᠯᠤᠨ ᠰᠡᠳᠬᠢᠯ | ᠰᠢᠭᠤᠳᠬᠤ ᠬᠡᠯᠪᠡᠷᠢ ᠪᠠᠷ ᠤᠬ ᠰᠠᠨᠠᠭ᠎ᠠ ᠶᠢ ᠨᠢ ᠤᠢᠢᠯᠠᠭᠠᠨ ᠡᠷᠭᠢᠴᠡᠭᠦᠯᠵᠦ᠂ ᠨᠢᠭᠡ ᠤᠳᠠᠭ᠎ᠠ ᠶᠢᠨ ᠬᠤᠪᠢᠰᠬᠠᠯ ᠤᠨ | ᠬᠥᠮᠦᠵᠢᠯ ᠤᠨ ᠴᠠᠭ ᠬᠤᠭᠤᠴᠠᠭ᠎ᠠ ᠣᠷᠣᠨ ᠵᠠᠢ ᠶᠢ ᠨᠡᠪᠲᠡᠯᠦᠨ᠂ ᠵᠢᠵᠢᠭ ᠠᠮᠠ ᠪᠠᠷ ᠶᠡᠭᠡ ᠶᠣᠰᠣ ᠶᠢ ᠶᠠᠷᠢᠵᠤ᠂ | ᠬᠥᠮᠦᠰ ᠤᠨ ᠪᠠᠭ᠋ᠠᠷᠠᠯ ᠢ ᠲᠠᠲᠠᠭᠰᠠᠨ ᠠᠬᠤᠢ ᠪᠠᠶᠢᠳᠠᠯ ᠢ ᠪᠡᠶᠡᠴᠢᠯᠡᠨ ᠣᠶᠢᠯᠠᠭᠠᠬᠤ ᠪᠠᠷ ᠦᠵᠡᠭᠴᠢᠳ ᠤᠨ ᠳᠤᠷ᠎ᠠ | ᠰᠣᠨᠢᠷᠬᠠᠯ ᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠷ ᠴᠠᠭ | ᠦᠶ᠎ᠡ ᠶᠢᠨ ᠪᠠᠶᠢᠷᠢᠰᠢᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠨ ᠱᠠᠲᠤᠨ ᠤ ᠤᠬᠠᠭᠤᠯᠬᠤ | ᠶᠠᠷᠢᠶᠠᠨ ᠤ ᠰᠢᠰᠲ᠋ᠧᠮ ᠢ ᠬᠤᠪᠢᠷᠠᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ | ᠥᠬᠢᠳ ᠤᠨ ᠬᠤᠪᠢᠰᠬᠠᠯ ᠤᠨ ᠰᠣᠶᠣᠯ ᠤᠨ ᠰᠢᠮᠡᠳᠦᠯ ᠳᠤᠤᠷ᠎ᠠ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠲᠠᠭᠠᠵᠤ ᠬᠦᠰᠡᠯ ᠵᠡᠭᠦᠳᠦ ᠪᠠᠨ ᠬᠥᠭᠡᠭᠡᠴᠡᠯᠳᠦᠭᠰᠡᠨ ᠦᠯᠢᠭᠡᠷ ᠢ ᠬᠦᠦᠷᠨᠢᠵᠡᠢ᠃ | ᠵᠢᠤ ᠶᠤᠸᠠᠨ ᠲᠣᠭᠤᠷᠢᠭ ᠡᠭᠦᠨ ᠢᠶᠠᠷ ᠠᠵᠠ ᠲᠣᠬᠢᠶᠠᠯ ᠪᠣᠯᠭᠠᠵᠤ᠂《 ᠵᠢᠤ ᠶᠤᠸᠠᠨ ᠠᠶᠠᠨ ᠵᠠᠮ ᠢ | ᠴᠤᠤᠷᠢᠶᠠᠳᠤᠭᠤᠯᠤᠶ᠎ᠠ 》ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠨᠡᠷᠡᠳᠤ ᠳᠡᠮᠳᠡᠭ ᠢ | ᠦᠷᠭᠦᠯᠵᠢᠯᠡᠨ ᠬᠦᠴᠦᠯᠡᠨ ᠴᠣᠭᠴᠠᠯᠠᠵᠤ᠂ ᠤᠯᠠᠮᠵᠢᠯᠠᠬᠤ ᠠᠷᠭ᠎ᠠ ᠪᠠᠷᠢᠯ ᠪᠣᠯᠤᠨ ᠦᠭᠡ ᠬᠡᠯᠡᠬᠦ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠳᠠᠯᠢ ᠪᠤᠰᠤ ᠬᠥᠮᠦᠰ ᠲᠤ ᠬᠠᠨᠳᠤᠭᠤᠯᠤᠭᠰᠠᠨ ᠬᠠᠷᠢᠯᠴᠡᠨ | ᠦᠢᠯᠡᠳᠦᠯᠴᠡᠬᠦ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ | ᠥᠷᠨᠢᠭᠦᠯᠵᠦ᠂ ᠵᠢᠵᠢᠭ ᠠᠮᠠ ᠪᠠᠷ ᠶᠡᠭᠡ ᠭᠤᠣᠯ ᠰᠡᠳᠦᠪ ᠢ ᠲᠤᠰᠬᠠᠵᠥ᠂ ᠤᠨᠤᠯ ᠤᠨ ᠤᠬᠠᠭᠤᠯᠤᠨ | ᠲᠠᠶᠢᠯᠪᠤᠷᠢᠯᠠᠬᠤ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠲᠠᠢ ᠣᠶᠢᠷᠠᠲᠤᠭᠤᠯᠬᠤ ᠶᠢ | ᠠᠬᠢᠭᠤᠯᠵᠤ᠂《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ》ᠤᠢᠢᠯᠠᠭᠠᠭᠳᠠᠬᠤᠨ ᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠪᠠᠷ ᠦᠨᠳᠦᠰᠦᠨ ᠱᠠᠳᠤ ᠶᠢ | ᠤᠮᠳᠠᠯᠠᠵᠤ᠂《 ᠤᠯᠠᠭᠠᠨ ᠠᠨᠠᠷ 》 ᠤᠨ ᠤᠬᠠᠭᠤᠯᠤᠨ ᠲᠠᠶᠢᠯᠪᠤᠷᠢᠯᠠᠬᠤ ᠨᠡᠷᠡᠳᠤ ᠳᠡᠮᠳᠡᠭ ᠢᠶᠠᠷ《 ᠳᠤᠮᠳᠠᠳᠤ ᠶᠢᠨ | ᠦᠨᠳᠦᠰᠦᠲᠡᠨ ᠨᠢᠭᠡ ᠭᠡᠷ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ》ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠮᠠᠷᠠᠲᠤ ᠶᠢᠨ ᠰᠣᠶᠣᠯ ᠤᠨ | ᠪᠠᠶᠢᠭᠤᠯᠤᠯᠲᠠ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠳᠤ ᠴᠣ ᠰᠢᠨ᠎ᠡ ᠬᠥᠳᠡᠯᠭᠡᠬᠦ ᠬᠦᠴᠦ ᠨᠡᠮᠡᠷᠢᠯᠡᠨ᠎ᠡ᠃ | | | | | | | |