ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠪᠣᠯᠪᠠᠰᠤᠷᠠᠯ ᠤᠨ ᠬᠤᠷᠠᠯ ᠥᠷᠨᠢᠭᠦᠯᠵᠦ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/6/4
    ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠠᠴᠠ ︽ᠬᠡᠷᠡᠭ ᠤᠨ ᠡᠮᠦᠨ᠎ᠡ ᠰᠡᠷᠭᠡᠶᠢᠯᠡᠬᠦ︾ ᠳᠠᠰᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠥᠬᠦ ᠣᠷᠣᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃ ᠪᠥᠬᠦ ᠣᠷᠣᠨ ᠤ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠣᠷᠣᠨ ᠤ ᠬᠠᠷᠢᠶ᠎ᠠ ᠰᠠᠯᠠᠭ᠎ᠠ ᠮᠥᠴᠢᠷ ᠤᠨ ᠲᠦᠭᠰᠢᠭᠦᠷᠢ ᠶᠡᠬᠡᠲᠡᠶ 100 ᠭᠠᠷᠤᠶ ᠣᠷᠣᠨ ᠪᠦᠰᠡ ᠶᠢᠨ ᠲᠣᠤᠷᠵᠢᠯ ᠤᠨ ᠠᠵᠢᠯᠲᠠᠨ ᠬᠢᠭᠡᠳ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠬᠤᠷᠠᠯ ᠳᠤ ᠣᠷᠣᠯᠴᠠᠵᠤ᠂ ᠡᠮᠦᠨ᠎ᠡ ᠵᠠᠬ᠎ᠠ ᠶᠢᠨ ᠮᠥᠩᠭᠦᠨ ᠬᠦᠢᠯᠭᠡᠭᠡᠨ ᠤ ᠠᠮᠤᠷ ᠲᠦᠪᠰᠢᠨ ᠤ ᠮᠡᠳᠡᠯᠭᠡ ᠶᠢ ᠬᠠᠮᠲᠤᠪᠠᠷ ᠰᠤᠷᠤᠯᠴᠠᠪᠠ᠃    ᠪᠣᠯᠪᠠᠰᠤᠷᠠᠯ ᠨᠢ ᠦᠨᠳᠦᠰᠦᠨ ᠱᠠᠲᠤᠨ ᠤ ᠪᠣᠳᠠᠲᠤ ᠪᠠᠶᠢᠯᠳᠤᠭᠠᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠮᠡᠳᠡᠯᠭᠡ ᠡᠨᠧᠷᠭᠢ ᠣᠯᠭᠤᠭᠰᠠᠨ ᠬᠡᠷᠡᠭ ᠤᠨ ᠵᠢᠱᠢᠶ᠎ᠡ ᠶᠢ ᠵᠠᠳᠠᠯᠬᠤ︾ ᠭᠤᠷᠪᠠ ᠶᠢ ᠨᠢᠭᠡ ᠴᠣᠭᠴᠠᠵᠢᠭᠤᠯᠤᠭᠰᠠᠨ ᠵᠠᠭᠪᠤᠷ ᠢᠶᠠᠷ ᠳᠠᠮᠵᠢᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠪᠣᠯᠪᠠᠰᠤᠷᠠᠭᠤᠯᠤᠯ ᠤᠨ ᠲᠤᠬᠠᠶ ᠶᠢᠨ ᠲᠠᠯᠠᠪᠠᠶ ᠳᠤ᠂ ᠯᠧᠺᠲ᠋ᠣᠷ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ︾ ᠵᠡᠷᠭᠡ ᠭᠤᠤᠯ ᠬᠠᠤᠯᠢ ᠲᠣᠭᠲᠠᠭᠠᠯ ᠢ ᠰᠢᠰᠲ᠋ᠧᠮ ᠲᠠᠢ ᠡᠮᠬᠢᠯᠡᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ᠂ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠡᠷᠬᠡ ᠬᠠᠷᠢᠭᠤᠴᠠᠯᠭ᠎ᠠ ᠵᠢᠴᠢ ᠪᠥᠬᠦ ᠶᠠᠪᠤᠴᠠ ᠶᠢ ᠰᠢᠢᠳᠪᠦᠷᠢᠯᠡᠬᠦ ᠵᠢᠷᠤᠮᠵᠢᠯ ᠢ ᠭᠦᠨᠵᠡᠭᠡᠶ ᠵᠠᠳᠠᠯᠪᠠ︔ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠰᠦᠯᠵᠢᠶᠡᠨ ᠤ ᠵᠢᠭᠡᠯᠡᠯᠭᠡ ᠶᠢᠨ ᠮᠡᠬᠡᠯᠡᠯ ᠵᠡᠷᠭᠡ ᠣᠯᠠᠨ ᠡᠭᠦᠰᠬᠦ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠯᠣᠭᠢᠭ ᠲᠠᠢ ᠤᠶᠠᠯᠳᠤᠭᠤᠯᠤᠨ᠂ ᠵᠢᠷᠤᠭ ᠪᠢᠴᠢᠭ ᠤᠨ ᠬᠠᠷᠢᠴᠠᠭᠤᠯᠤᠯ᠂ ᠴᠤᠪᠤᠷᠠᠯ ᠤᠨ ᠵᠢᠷᠤᠭ ᠤᠨ ᠲᠠᠶᠢᠯᠪᠤᠷᠢ ᠵᠡᠷᠭᠡ ᠬᠡᠯᠪᠡᠷᠢ ᠪᠠᠷ ︽ᠬᠡᠶᠢᠰᠪᠦᠷᠢ ᠵᠣᠭᠤᠰᠣᠨ ᠤ ᠪᠠᠯᠠ ᠣᠷᠣᠭᠤᠯᠤᠯᠲᠠ︾᠂ ︽ᠨᠠᠰᠤᠵᠢᠯ ᠤᠨ ᠠᠰᠠᠷᠠᠮᠵᠢ ᠶᠢᠨ ᠲᠥᠷᠥᠯ ᠵᠦᠢᠯ ᠢᠶᠠᠷ ᠪᠠᠯᠠ ᠴᠤᠭᠯᠠᠭᠤᠯᠬᠤ︾᠂ ︽ᠡᠭᠦᠯᠡᠨ ᠰᠤᠪᠢᠯᠠᠯᠲᠠ ᠶᠢᠨ ᠠᠵᠤ ᠠᠬᠤᠶ︾ ᠵᠡᠷᠭᠡ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠠᠷᠢᠯ ᠪᠠ ᠢᠯᠭᠠᠨ ᠲᠠᠨᠢᠬᠤ ᠤᠷ᠎ᠠ ᠮᠡᠷᠭᠡᠵᠢᠯ ᠢ ᠱᠠᠲᠤ ᠱᠠᠲᠤ ᠪᠠᠷ ᠵᠠᠳᠠᠯᠬᠤ︔ ᠨᠠᠩ ᠴᠤ ᠲᠣᠰ ᠭᠠᠵᠠᠷ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠳᠠᠬᠢᠨ ᠲᠠᠪᠳᠠᠨ ᠶᠠᠯᠠᠲᠤ ᠡᠲᠡᠭᠡᠳ ᠨᠢ ᠲᠠᠨᠢᠯ ᠬᠥᠮᠦᠨ ᠤ ᠰᠦᠯᠵᠢᠶ᠎ᠡ ᠪᠠᠷ ᠨᠡᠪᠴᠢᠯᠲᠡ ᠬᠢᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠰᠦᠯᠵᠢᠶᠡᠨ ᠳᠡᠭᠡᠷᠡᠬᠢ ᠨᠡᠶᠢᠭᠡᠮ ᠤᠨ ᠪᠦᠯᠦᠭᠯᠡᠯ ᠤᠨ ᠬᠠᠭᠠᠷᠠᠯᠲᠠ ᠬᠤᠪᠢᠷᠠᠯᠲᠠ ᠵᠡᠷᠭᠡ ᠬᠡᠪ ᠤᠨ ᠪᠤᠰᠤ ᠪᠠᠶᠢᠳᠠᠯ ᠢ ᠵᠢᠭᠰᠠᠭᠠᠨ ᠪᠠᠶᠢᠴᠠᠭᠠᠬᠤ ᠭᠤᠤᠯᠳᠠᠯᠭ᠎ᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠤᠪᠤᠷᠠᠯ ᠢ ᠵᠣᠬᠢᠶᠠᠨ ᠪᠠᠶᠢᠭᠤᠯᠪᠠ᠃    ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠳ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠵᠤ᠂ ᠬᠤᠷᠠᠯ ᠤᠨ ᠳᠠᠷᠠᠭ᠎ᠠ ᠰᠤᠷᠤᠭᠴᠢᠳ ︽ᠲᠡᠭᠷᠢ ᠳᠡᠭᠡᠷ᠎ᠡ ᠱᠠᠯᠪᠢᠩ ᠤᠨᠠᠬᠤ ᠦᠭᠡᠢ᠂ ᠲᠣᠳᠣᠷᠬᠠᠢ ᠦᠭᠡᠢ ᠣᠬᠤᠷ ᠮᠡᠳᠡᠭᠡ ᠶᠢ ᠠᠮᠠᠷᠬᠠᠨ ᠲᠣᠪᠴᠢᠯᠠᠵᠤ ᠪᠣᠯᠬᠤ ᠦᠭᠡᠢ︾ ᠭᠡᠵᠦ ᠢᠯᠡᠳᠬᠡᠪᠡ᠃ ᠢᠷᠡᠭᠡᠳᠦᠢ ᠳᠤ ᠪᠣᠯᠪᠠᠰᠤᠷᠠᠯ ᠳᠤ ᠣᠷᠣᠯᠴᠠᠭᠰᠠᠳ ︽ᠤᠬᠠᠭᠤᠯᠤᠭᠴᠢ︾᠂ ︽ᠲᠣᠭᠤᠷᠢᠨ ᠪᠠᠶᠢᠴᠠᠭᠠᠭᠴᠢ︾᠂ ︽ᠮᠡᠳᠡᠭᠡ ᠵᠠᠩᠭᠢᠴᠢ︾ ᠪᠣᠯᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠪᠣᠯᠤᠨ᠎ᠠ᠃    ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠬᠦ ᠡᠭᠦᠷᠭᠡ ᠬᠦᠨᠳᠦ ᠵᠠᠮ ᠬᠤᠯᠠ ᠪᠠᠶᠢᠨ᠎ᠠ᠂ ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠪᠣᠯᠪᠠᠰᠤᠷᠠᠯ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠯᠪᠡᠷᠢ ᠪᠠ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠠᠵᠢᠯᠳᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠠᠵᠢᠯ ᠤᠨ ᠲᠣᠣᠷ ᠢ ᠪᠠᠶᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号