ᠯᠢᠦ ᠵᠢᠶᠦ᠋ᠨ ᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/5
    6 ᠰᠠᠷ᠎ᠠ ᠶᠢᠨ 3  ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠯᠠᠭᠠᠨ ᠵᠢᠴᠢ ᠠᠶᠦᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠯᠢᠦ ᠵᠢᠶᠦ᠋ᠨ ᠢ ᠤᠷᠢᠳ ᠬᠤᠵᠢᠳ ᠪᠤᠭᠤᠲᠤ ᠬᠤᠲᠠ ᠶᠢᠨ ᠾᠧᠩ ᠰᠢ ᠬᠠᠲᠠᠭᠤ ᠬᠠᠶᠠᠭᠳᠠᠮᠠᠯ ᠪᠣᠳᠠᠰ ᠢ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠲᠦᠩ ᠳ᠋ᠡ ᠮᠤᠨᠢ ᠠᠭᠤᠯᠠ ᠶᠢᠨ  ᠱᠦᠢᠨᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠵᠢᠶᠠᠨ ᠯᠢᠦᠶ ᡁᠢ ᠪᠠᠷᠢᠯᠭ᠎ᠠ ᠶᠢᠨ ᠠᠵᠤ ᠦᠶᠢᠯᠡᠰᠵᠢᠯᠲᠡ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠵᠥᠩ ᠱᠠᠩ ᠪᠣᠯᠣᠳ ᠪᠦᠲᠦᠴᠡ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠭᠤᠸᠠᠩ ᠱᠢᠶᠠ ᠴᠢᠯᠠᠭᠤᠨ ᠲᠣᠰᠣ ᠪᠣᠷᠣᠯᠠᠭᠤᠯᠬᠤ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠬᠠᠶ ᠺᠧ ᠹᠦ᠋ ᠫᠧᠩ ᠡᠯᠧᠺᠲᠷᠣᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠶᠦᠯᠭᠦᠢ ᠦᠢᠯᠡᠳᠪᠦᠷᠢᠯᠡᠯ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃    ᠯᠢᠦ ᠵᠢᠶᠦ᠋ᠨ ᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠳᠤ ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ᠂ ᠲᠣᠭᠲᠠᠴᠠ ᠶᠢ ᠪᠠᠶᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠠᠵᠢᠯᠳᠠᠨ ᠨᠢᠭᠡᠪᠦᠷᠢ ᠶᠢᠨ ᠪᠡᠶ᠎ᠡ ᠳᠡᠭᠡᠷ᠎ᠡ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠳᠠᠳᠬᠠᠯ ᠪᠣᠯᠤᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠴᠡᠭ ᠲᠤ ᠵᠣᠬᠢᠴᠠᠭᠤᠯᠤᠨ ᠬᠠᠪᠰᠤᠷᠤᠨ ᠲᠡᠳᠬᠦᠵᠦ᠂ ᠪᠥᠬᠦ ᠶᠠᠪᠤᠴᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠤᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠥᠷᠨᠢᠭᠦᠯᠵᠦ᠂ ᠰᠢᠨᠵᠢᠯᠡᠬᠦ ᠤᠬᠠᠭᠠᠨᠴᠢ ᠱᠠᠩᠨᠠᠨ ᠲᠣᠷᠭᠠᠬᠤ ᠲᠦᠷᠢᠮ ᠢ ᠪᠠᠶᠢᠭᠤᠯᠤᠨ᠂ ᠠᠶᠦᠯᠭᠦᠢ ᠦᠢᠯᠡᠳᠪᠦᠷᠢᠯᠡᠯ᠂ ᠠᠶᠦᠯᠭᠦᠢ ᠡᠵᠡᠩᠨᠡᠯᠲᠡ ᠶᠢᠨ ᠠᠵᠢᠯ ᠢ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ᠂ ᠮᠡᠷᠭᠡᠵᠢᠯ᠂ ᠪᠡᠯᠡ ᠮᠥᠩᠭᠦ᠂ ᠴᠢᠳᠠᠪᠤᠷᠢᠲᠠᠨ ᠵᠡᠷᠭᠡ ᠲᠠᠯ᠎ᠠ ᠪᠠᠷ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠵᠠᠬᠢᠶᠠᠯᠠᠭ᠎ᠠ ᠡᠷᠢᠵᠦ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠵᠢᠤ ᠶᠤᠸᠠᠨ ᠲᠤᠭᠤᠷᠢᠭ ᠲᠠᠬᠢ ᠬᠥᠭᠵᠢᠯᠲᠡ ᠶᠢᠨ ᠢᠲᠡᠭᠡᠯ ᠵᠣᠷᠢᠭ ᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号