ᠡᠪᠯᠡᠯ ᠤᠨ ᠲᠤᠭᠤᠷᠢᠭ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2025/6/5
    ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠡᠪᠯᠡᠯ ᠤᠨ ᠬᠤᠷᠢᠶ᠎ᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠤᠯᠪᠣᠭᠠᠯᠠᠨ ᠲᠤᠭᠤᠷᠢᠭ ᠤᠨ ᠨᠠᠮ ᠤᠨ ᠰᠤᠷᠭᠠᠭᠤᠯᠢ ᠶᠢᠨ ᠭᠤᠤ ᠴᠢᠶᠠᠨ ᠪᠠᠭᠰᠢ ᠶᠢ ᠤᠷᠢᠵᠤ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠶ᠎ᠠ︾ ᠭᠡᠬᠦ ᠰᠡᠳᠦᠪ ᠢᠶᠠᠷ ᠬᠢᠴᠢᠶᠡᠯ ᠣᠷᠣᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠭᠦᠨᠵᠡᠭᠡᠶ ᠪᠥᠭᠡᠳ ᠬᠡᠷᠡᠭᠯᠡᠭᠡᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠢ ᠠᠪᠴᠢᠷᠠᠭᠰᠠᠨ ᠪᠠᠶᠢᠨ᠎ᠠ᠃
11.jpg  
     ᠬᠢᠴᠢᠶᠡᠯ ᠡᠬᠢᠯᠡᠭᠰᠡᠨ ᠳᠤ᠂ ᠭᠤᠤ ᠴᠢᠶᠠᠨ ᠪᠠᠭᠰᠢ ᠤᠯᠠᠨ ᠢ ᠳᠠᠭᠠᠭᠤᠯᠤᠨ ᠥᠩᠭᠡᠷᠡᠭᠰᠡᠨ ᠤᠳᠠᠭ᠎ᠠ ᠪᠦᠷᠢ ᠶᠢᠨ ᠭᠤᠣᠯ ᠰᠡᠳᠦᠪᠲᠦ ᠬᠥᠮᠦᠵᠢᠯ ᠢ ᠡᠷᠭᠢᠴᠡᠭᠦᠯᠵᠦ᠂ ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠠᠴᠠ ︽ᠲᠦᠷᠪᠡᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ ᠬᠥᠮᠦᠵᠢᠯ ᠳᠤ ᠨᠠᠮ ᠤᠨ ᠭᠡᠰᠢᠭᠦᠨ ᠺᠠᠳ᠋ᠷᠴᠤᠳ ᠤᠨ ᠪᠡᠶ᠎ᠡ ᠪᠠᠨ ᠵᠠᠰᠠᠵᠤ ᠪᠡᠶ᠎ᠡ ᠪᠠᠨ ᠱᠠᠭᠠᠷᠳᠠᠨ᠂ ᠲᠠᠬᠢᠨ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠨᠠᠮ ᠤᠨ ᠭᠡᠰᠢᠭᠦᠨ ᠤ ᠮᠡᠳᠡᠬᠦᠢ ᠬᠢᠬᠦᠢ ᠪᠠᠨ ᠨᠢᠭᠡᠳᠬᠡᠵᠦ᠂ ᠵᠢᠴᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠠᠷᠠᠳ ᠲᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠢᠴᠢᠶᠡᠯ ᠢᠶᠠᠨ ᠦᠷᠭᠦᠯᠵᠢᠯᠡᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠤᠯᠪᠣᠭᠳᠠᠯ ᠪᠦᠬᠦᠢ ᠠᠭᠤᠯᠭ᠎ᠠ︾ ︽ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠪᠣᠯ ᠨᠠᠮ ᠤᠨ ᠰᠢᠯᠢᠳᠡᠭ ᠤᠯᠠᠮᠵᠢᠯᠠᠯ ᠮᠥᠨ︾ ︽ᠨᠠᠮ ᠤᠨ ᠰᠤᠷᠲᠠᠯ ᠤᠨ ᠠᠰᠠᠭᠤᠳᠠᠯ ᠤᠨ ᠮᠥᠨ ᠴᠢᠨᠠᠷ ᠪᠠ ᠭᠤᠣᠯᠯᠠᠭᠴᠢ︾ ︽ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠠᠷᠭ᠎ᠠ ᠬᠢᠳᠡᠯ ᠪᠠ ᠲᠤᠷᠰᠢᠯᠭ᠎ᠠ ᠶᠢ ᠭᠦᠨᠵᠡᠭᠡᠢ ᠣᠶᠢᠯᠠᠭᠠᠬᠤ︾ ︽ᠭᠤᠣᠯ ᠰᠡᠳᠦᠪ ᠢ ᠣᠨᠣᠪᠴᠢᠲᠠᠢ ᠡᠵᠡᠮᠰᠢᠵᠦ᠂ ︿ᠰᠤᠷᠤᠯᠴᠠᠵᠤ ᠪᠠᠶᠢᠴᠠᠭᠠᠨ ᠥᠭᠡᠷᠡᠴᠢᠯᠡᠬᠦ﹀ ᠶᠢ ᠨᠢᠭᠡ ᠴᠣᠭᠴᠠᠵᠢᠭᠤᠯᠤᠨ ᠠᠬᠢᠭᠤᠯᠬᠤ︾ ᠲᠠᠪᠤᠨ ᠲᠠᠯ᠎ᠠ ᠶᠢᠨ ᠲᠣᠭᠤᠷᠢᠨ ᠳᠤ ᠥᠷᠨᠢᠭᠦᠯᠬᠦ ᠬᠡᠷᠡᠭᠲᠡᠢ᠃ ᠡᠭᠦᠨ ᠤ ᠬᠠᠮᠲᠤ᠂ ᠬᠢᠴᠢᠶᠡᠯ ᠠᠴᠠ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠲᠦᠷᠦ ᠶᠢᠨ ᠦᠨᠳᠦᠷᠴᠡ ᠠᠴᠠ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠵᠡᠷᠭᠡ ᠠᠰᠠᠭᠤᠳᠠᠯ ᠤᠨ ᠦᠨᠳᠦᠰᠦ ᠰᠤᠷᠪᠤᠯᠵᠢ ᠶᠢ ᠵᠠᠳᠠᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢᠨ ᠤᠬᠠᠮᠰᠠᠷ ᠢ ᠴᠢᠩᠭᠠᠳᠬᠠᠪᠠ᠃    ᠲᠣᠰ ᠤᠳᠠᠭᠠᠨ ᠤ ᠲᠤᠰᠬᠠᠶ ᠰᠡᠳᠦᠪᠲᠦ ᠬᠢᠴᠢᠶᠡᠯ ᠤᠨ ᠰᠤᠷᠤᠯᠴᠠᠯᠭ᠎ᠠ ᠨᠢ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠳᠡᠭᠡᠳᠦ ᠬᠡᠮᠵᠢᠶᠡᠨ ᠤ ᠦᠨᠡᠯᠡᠯᠲᠡ ᠶᠢ ᠣᠯᠤᠭᠰᠠᠨ ᠪᠠᠶᠢᠨ᠎ᠠ᠃ ᠤᠯᠠᠨ ᠢᠶᠠᠷ ᠢᠶᠠᠨ᠂ ᠡᠨᠡ ᠪᠣᠯ ᠠᠮᠢᠳᠤᠯᠢᠭ ᠤᠨᠤᠯ ᠤᠨ ᠬᠠᠪᠰᠤᠷᠤᠨ ᠵᠢᠯᠣᠭᠤᠳᠬᠤ ᠬᠢᠴᠢᠶᠡᠯ ᠪᠣᠯᠬᠤ ᠪᠠᠷ ᠪᠠᠷᠠᠬᠤ ᠦᠭᠡᠢ᠂ ᠨᠡᠩ ᠴᠤ ᠭᠦᠨ ᠭᠦᠨᠵᠡᠭᠡᠢ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠪᠣᠯᠤᠨ᠎ᠠ ᠭᠡᠵᠦ ᠢᠯᠡᠳᠬᠡᠵᠡᠭᠡᠪᠡ᠃ ᠬᠢᠴᠢᠶᠡᠯ ᠤᠨ ᠰᠤᠳᠠᠰᠤ ᠨᠢ ᠲᠣᠳᠣᠷᠬᠠᠢ᠂ ᠭᠤᠣᠯᠳᠠᠯᠭ᠎ᠠ ᠨᠢ ᠲᠤᠪᠤᠶᠢᠮ᠎ᠠ᠂ ᠬᠡᠷᠡᠭ ᠤᠨ ᠵᠢᠱᠢᠶ᠎ᠡ ᠶᠢᠨ ᠨᠡᠶᠢᠲᠡᠯᠢᠭ ᠵᠢᠱᠢᠶ᠎ᠡ᠂ ᠲᠤᠭ᠎ᠠ ᠪᠠᠷᠢᠮᠲᠠ ᠨᠢ ᠨᠠᠷᠢᠨ ᠪᠣᠳᠠᠲᠠᠢ ᠪᠠᠶᠢᠵᠤ᠂ ᠥᠪᠡᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠲᠤᠬᠠᠢ ᠨᠡᠩ ᠪᠦᠬᠦ ᠲᠠᠯ᠎ᠠ ᠶᠢᠨ᠂ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠡᠪᠯᠡᠯ ᠤᠨ ᠬᠤᠷᠢᠶ᠎ᠠ ᠲᠣᠰ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠶᠢ ᠨᠢᠭᠡ ᠴᠤᠭᠴᠠᠵᠢᠭᠤᠯᠬᠤ ᠶᠢ ᠪᠠᠷᠢᠮᠲᠠᠯᠠᠨ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠠᠵᠢᠯ ᠤᠨ ᠭᠤᠭᠴᠤᠭ᠎ᠠ ᠨᠢᠭᠡᠪᠦᠷᠢ ᠳᠤ ᠦᠨᠡᠨ ᠬᠦ ᠨᠠᠶᠢᠳᠠᠪᠤᠷᠢᠵᠢᠭᠤᠯᠤᠨ᠎ᠠ᠃    ᠲᠠᠷᠠᠭᠠᠴᠢ ᠶᠢᠨ ᠠᠯᠬᠤᠮ ᠳᠤ᠂ ᠡᠪᠯᠡᠯ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠵᠠᠯᠠᠭᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠡᠪᠯᠡᠯ ᠤᠨ ᠲᠤᠭᠤᠷᠢᠭ ᠤᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号