ᠲᠣᠭᠲᠠᠭᠠᠯ ᠢ ᠵᠥᠷᠢᠴᠡᠵᠦ ᠢᠳᠡᠵᠦ ᠤᠤᠭᠤᠭᠰᠠᠨ ᠬᠥᠮᠥᠨ ᠪᠠ ᠬᠡᠷᠡᠭ ᠲᠤ ᠴᠢᠩᠭ᠎ᠠ ᠬᠦᠴᠦᠲᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/6/5
       ᠪᠠᠶᠠᠷ ᠤᠨ ᠡᠳᠦᠷ ᠤᠨ ᠬᠤᠭᠤᠴᠠᠭᠠᠨ ᠳᠤ᠂ ᠲᠥᠪ ᠤᠨ ᠲᠠᠯ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠯᠪᠠᠨ ᠲᠢᠩᠬᠢᠮ ᠠᠴᠠ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ 2 ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠪᠡ᠃ ᠬᠤᠯᠪᠣᠭᠳᠠᠯ ᠪᠦᠬᠦᠢ ᠠᠰᠠᠭᠤᠳᠠᠯ ᠤᠨ ᠰᠢᠨᠵᠢ ᠴᠢᠨᠠᠷ ᠨᠢ ᠲᠦᠢᠯ ᠤᠨ ᠬᠦᠨᠳᠦ ᠨᠣᠴᠢᠲᠠᠢ᠂ ᠨᠥᠯᠥᠭᠡ ᠨᠢ ᠲᠦᠢᠯ ᠤᠨ ᠮᠠᠭᠤ᠂ ᠰᠤᠷᠭᠠᠮᠵᠢ ᠨᠢ ᠲᠦᠢᠯ ᠤᠨᠬᠠᠷᠠᠰᠠᠯᠲᠠᠢ ᠶᠤᠮ᠃       ᠵᠠᠷᠯᠠᠯ ᠳᠤ ᠬᠠᠷᠠᠭᠤᠯᠤᠭᠰᠠᠨ ᠢᠶᠠᠷ᠂ ᠡᠨᠡ ᠵᠢᠯ ᠤᠨ 4 ᠰᠠᠷ᠎ᠠ ᠳᠤ᠂ ᠬᠤᠪᠧᠢ ᠮᠤᠵᠢ ᠶᠢᠨ ᠬᠤᠸᠠᠩ ᠭᠠᠩ ᠬᠤᠲᠠ ᠶᠢᠨ ᠬᠤᠸᠠᠩ ᠮᠧᠶ ᠰᠢᠶᠠᠨ᠂ ᠠᠨᠾᠦ᠋ᠢ ᠮᠤᠵᠢ ᠶᠢᠨ ᠠᠨᠴᠢᠩ ᠬᠤᠲᠠ ᠶᠢᠨ ᠰᠦ᠋ ᠰᠥᠩ ᠰᠢᠶᠠᠨ ᠤ ᠴᠢᠶᠠᠨ ᠯᠢᠩ ᠰᠢᠶᠠᠩ ᠬᠤᠶᠠᠷ ᠭᠠᠵᠠᠷ ᠲᠤ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ ᠪᠥᠭᠡᠳ ᠬᠥᠮᠥᠨ ᠢ ᠦᠬᠦᠭᠦᠯᠦᠭᠰᠡᠨ ᠬᠡᠷᠡᠭ ᠤᠨ ᠵᠢᠱᠢᠶ᠎ᠡ ᠭᠠᠷᠴᠤ᠂ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠨᠠᠮ ᠤᠨ ᠭᠡᠰᠢᠭᠦᠨ ᠺᠠᠳ᠋ᠷᠴᠤᠳ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠢ ᠪᠠᠭ᠎ᠠ ᠶᠠᠪᠤᠳᠠᠯ ᠣᠬᠲᠣ ᠪᠢᠰᠢ᠂ ᠰᠤᠷᠲᠠᠯ ᠤᠨ ᠪᠠᠶᠢᠭᠤᠯᠤᠯᠲᠠ ᠶᠢ ᠨᠢᠭᠡ ᠮᠥᠴᠡ ᠴᠦ ᠰᠤᠯᠠᠷᠠᠭᠤᠯᠵᠤ ᠪᠤᠯᠬᠤ ᠦᠭᠡᠢ ᠭᠡᠳᠡᠭ ᠢ ᠳᠠᠬᠢᠨᠲᠠ ᠬᠠᠷᠠᠭᠤᠯᠪᠠ᠃       ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠲᠣᠭᠲᠠᠭᠠᠯ ᠢ ᠵᠥᠷᠢᠴᠡᠨ ᠢᠳᠡᠵᠦ ᠤᠤᠭᠤᠬᠤ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠲᠥᠪ ᠬᠤᠷᠢᠶ᠎ᠠ ᠠᠴᠠ ᠣᠯᠠᠨᠲᠠ ᠲᠣᠳᠣᠷᠬᠠᠢ ᠱᠠᠭᠠᠷᠳᠠᠭᠰᠠᠨ ᠪᠤᠯᠪᠠᠴᠤ ᠮᠥᠨ ᠯᠡ ᠵᠠᠷᠢᠮ ᠬᠥᠮᠥᠨ ᠬᠢᠳᠡᠭ ᠢᠶᠠᠷ ᠢᠶᠠᠨ ᠬᠢᠵᠦ᠂ ᠭᠤᠷᠢᠳᠠᠬᠤ ᠪᠤᠳᠤᠯ ᠡᠪᠦᠷᠯᠡᠵᠦ ᠪᠠᠶᠢᠨ᠎ᠠ᠂ ᠡᠨᠡ ᠪᠣᠯ ᠨᠡᠶᠢᠲᠡᠯᠢᠭ ᠲᠣᠭᠲᠠᠭᠠᠯ ᠢ ᠥᠰᠢᠯᠳᠦᠨ ᠵᠥᠷᠢᠴᠡᠭᠰᠡᠨ᠂ ᠬᠠᠤᠯᠢ ᠰᠠᠬᠢᠯᠭ᠎ᠠ ᠶᠢ ᠦᠯᠦ ᠬᠠᠶᠢᠬᠤᠷᠤᠨ᠂ ᠪᠢᠰᠢᠷᠡᠨ ᠵᠢᠷᠦᠬᠡᠰᠢᠶᠡᠬᠦ ᠶᠢ ᠮᠡᠳᠡᠬᠦ ᠦᠭᠡᠢ ᠪᠠᠶᠢᠬᠤ ᠶᠠᠪᠤᠳᠠᠯ ᠪᠣᠯᠣᠨ᠎ᠠ᠃       ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ ᠶᠠᠪᠤᠳᠠᠯ ᠨᠢ ᠵᠠᠷᠢᠮ ᠨᠠᠮ ᠤᠨ ᠭᠡᠰᠢᠭᠦᠨ ᠺᠠᠳ᠋ᠷ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠥᠴᠥᠬᠡᠨ ᠴᠦ ᠪᠢᠰᠢᠷᠡᠨ ᠵᠢᠷᠦᠬᠡᠰᠢᠶᠡᠬᠦ ᠦᠭᠡᠢ ᠪᠠᠶᠢᠬᠤ ᠶᠢ ᠢᠯᠡᠷᠡᠭᠦᠯᠪᠡ᠃ ᠲᠣᠰ ᠤᠳᠠᠭ᠎ᠠ ᠶᠢᠨ ᠵᠠᠷᠯᠠᠯ ᠳᠤ ᠬᠤᠯᠪᠣᠭᠳᠠᠭᠰᠠᠨ ᠨᠠᠮ ᠤᠨ ᠭᠡᠰᠢᠭᠦᠨ ᠺᠠᠳ᠋ᠷᠴᠤᠳ᠂ ᠨᠢᠭᠡ ᠲᠠᠯ᠎ᠠ ᠪᠠᠷ ᠰᠤᠷᠤᠯᠴᠠᠯᠭ᠎ᠠ ᠬᠥᠮᠦᠵᠢᠯ ᠳᠤ ᠣᠷᠣᠯᠴᠠᠵᠤ᠂ ᠨᠥᠭᠦᠭᠡ ᠲᠠᠯ᠎ᠠ ᠪᠠᠷ ᠳᠠᠭᠠᠭᠤᠯᠤᠨ ᠲᠣᠭᠲᠠᠭᠠᠯ ᠢ ᠥᠰᠢᠯᠳᠦᠨ ᠢᠳᠡᠵᠦ ᠤᠤᠭᠤᠬᠤ ᠶᠢ ᠵᠣᠬᠢᠶᠠᠨ ᠪᠠᠶᠢᠭᠤᠯᠵᠤ ᠤᠷᠤᠯᠴᠠᠵᠤ ᠪᠠᠶᠢᠨ᠎ᠠ᠃ ᠡᠭᠦᠨ ᠳᠤ ᠵᠠᠷᠢᠮ ᠨᠢ ᠵᠢᠵᠢᠭᠦᠷᠯᠡᠵᠦ ᠠᠩᠭᠢ ᠳᠠᠭᠠᠭᠤᠯᠬᠤ ᠤᠳᠤᠷᠢᠳᠤᠯᠭ᠎ᠠ ᠪᠠᠶᠢᠵᠤ᠂ ᠵᠠᠷᠢᠮ ᠨᠢ ᠪᠠᠰᠠ ᠨᠠᠮ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠠᠶᠢᠵᠤ᠂ ᠪᠠᠰᠠ ᠨᠠᠮ ᠵᠠᠰᠠᠭ ᠤᠨ ᠤᠳᠤᠷᠢᠳᠬᠤ ᠪᠠᠭ ᠤᠨ ᠪᠦᠭᠦ ᠪᠦᠷᠢᠯᠳᠦᠭᠦᠨ ᠲᠣᠭᠲᠠᠭᠠᠯ ᠢ ᠵᠥᠷᠢᠴᠡᠨ ᠢᠳᠡᠵᠦ ᠤᠤᠭᠤᠵᠤ᠂ ᠪᠠᠰᠠ ᠬᠡᠷᠡᠭ ᠤᠨ ᠲᠠᠷᠠᠭ᠎ᠠ ᠮᠡᠳᠡᠭᠦᠯᠬᠦ ᠦᠭᠡᠢ ᠨᠢᠭᠤᠬᠤ ᠠᠰᠠᠭᠤᠳᠠᠯ ᠣᠷᠣᠰᠢᠵᠤ ᠪᠠᠶᠢᠨ᠎ᠠ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠲᠤᠬᠠᠢ ᠬᠦᠨᠳᠦ ᠨᠣᠴᠢᠲᠠᠢ ᠤᠯᠤᠰ ᠲᠥᠷᠥ ᠶᠢᠨ ᠬᠤᠣᠷ ᠬᠥᠨᠥᠭᠡᠯ ᠤᠨ ᠲᠤᠬᠠᠢ ᠲᠠᠨᠢᠯᠲᠠ ᠪᠠᠷ ᠳᠤᠲᠠᠮᠠᠭ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠥᠯᠥ ᠬᠠᠶᠢᠬᠤᠷᠤᠭᠰᠠᠨ᠂ ᠬᠠᠷᠢᠭᠤᠴᠠᠯᠭ᠎ᠠ ᠶᠢᠨ ᠤᠬᠠᠮᠰᠠᠷ ᠰᠤᠯᠠᠷᠠᠭᠰᠠᠨ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠵᠡᠯᠲᠡ ᠰᠤᠯᠠ ᠳᠣᠷᠣᠶ ᠪᠠᠶᠢᠬᠤ ᠨᠢ ᠬᠥᠮᠥᠰ ᠢ ᠰᠡᠷᠡᠮᠵᠢᠯᠡᠭᠦᠯᠵᠦ ᠪᠠᠶᠢᠨ᠎ᠠ᠃       ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠠᠪᠤᠳᠠᠯ ᠨᠢ ᠵᠠᠷᠢᠮ ᠭᠠᠵᠠᠷ ᠣᠷᠣᠨ ᠪᠣᠯᠣᠨ ᠨᠢᠭᠡᠴᠢ ᠶᠢᠨ ᠭᠠᠵᠢᠭᠤ ᠮᠠᠭᠤ ᠰᠤᠷᠲᠠᠯ ᠢ ᠵᠠᠯᠠᠷᠠᠭᠤᠯᠬᠤ ᠠᠵᠢᠯ ᠢ ᠲᠤᠭᠤᠰᠢᠲᠠᠢ ᠬᠢᠭᠰᠡᠨ ᠦᠭᠡᠢ ᠭᠡᠳᠡᠭ ᠢ ᠬᠠᠷᠠᠭᠤᠯᠵᠠᠢ᠃ ᠵᠠᠷᠢᠮ ᠤᠳᠤᠷᠢᠳᠬᠤ ᠺᠠᠳ᠋ᠷ ᠤᠨ ᠢᠳᠡᠵᠦ ᠤᠤᠭᠤᠬᠤ ᠶᠢ ᠰᠠᠶᠢᠨ ᠬᠠᠮᠢᠶᠠᠷᠪᠠᠯ ᠰᠠᠶ᠋ᠢ ᠲᠤᠭ᠎ᠠ ᠲᠣᠮᠰᠢ ᠦᠭᠡᠢ ᠣᠯᠠᠨ ᠲᠦᠮᠡᠨ ᠤ ᠰᠡᠳᠬᠢᠯ ᠢ ᠣᠯᠵᠤ ᠴᠢᠳᠠᠨ᠎ᠠ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ︽ᠪᠣᠭᠤᠮᠲᠠ ᠳᠠᠪᠠᠭ᠋ᠤ︾ ᠪᠠᠷ ᠪᠠᠷᠠᠬᠤ ᠦᠭᠡᠢ ᠨᠡᠩ ᠴᠤ ︽ᠴᠠᠭᠠᠷᠠᠭᠰᠠᠨ︾ ᠪᠠᠶᠢᠬᠤ ᠬᠡᠷᠡᠭᠲᠡᠢ᠃ ᠢᠳᠡᠵᠦ ᠤᠤᠭᠤᠬᠤ ᠭᠠᠵᠢᠭᠤ ᠰᠤᠷᠲᠠᠯ ᠳᠤ ᠡᠷᠬᠡᠪᠰᠢ ᠬᠦᠴᠦᠲᠡᠢ ᠴᠣᠬᠢᠯᠲᠠ ᠥᠭᠴᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠢ ᠦᠨᠡᠨ ᠬᠦ ︽ᠲᠡᠮᠦᠷ ᠨᠠᠢᠮᠠᠨ ᠲᠣᠭᠲᠠᠭᠠᠯ︾ ᠪᠤᠯᠭᠠᠬᠤ ᠬᠡᠷᠡᠭᠲᠡᠢ᠃       ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠬᠡᠪ ᠤᠨ ᠪᠤᠰᠤ ᠪᠠᠶᠢᠳᠠᠯ ᠢᠯᠡᠷᠡᠬᠦ ︽ᠵᠢᠵᠢᠭ ᠪᠦᠯᠭᠦᠮ ᠤᠨ ᠰᠣᠶᠣᠯ︾ ᠮᠥᠨ ᠯᠡ ᠪᠠᠶᠢᠨ ᠪᠠᠶᠢᠨ ᠡᠭᠦᠰᠴᠦ ᠪᠠᠶᠢᠨ᠎ᠠ᠃ ︽ᠠᠵᠤ ᠠᠬᠤᠶᠢᠯᠠᠯ ᠤᠨ ᠡᠵᠡᠨᠳᠡᠨ ᠢ ᠢᠳᠡᠬᠦ︾᠂ ︽ᠬᠤᠭᠤᠯᠠᠨ ᠭᠡᠷ ᠲᠤ ᠢᠳᠡᠬᠦ︾᠂ ︽ᠳᠣᠣᠷᠠᠳᠤ ᠱᠠᠲᠤ ᠪᠠᠨ ᠢᠳᠡᠬᠦ︾ ᠳᠤ ᠦᠡᠭᠭᠡᠨ ᠳᠡᠭᠡᠷ᠎ᠡ ᠪᠠᠨ ︽ᠬᠤᠭᠤᠯᠠ︾ ᠢᠳᠡᠵᠦ ᠪᠠᠶᠢᠪᠠᠴᠤ᠂ ᠦᠨᠡᠨ ᠳᠡᠭᠡᠨ ︽ᠤᠨᠠᠭᠤᠯᠢ︾ ᠬᠢᠵᠦ᠂ ︽ᠵᠢᠵᠢᠭ ᠪᠦᠯᠭᠦᠮ︾ ᠪᠤᠢ ᠪᠤᠯᠭᠠᠬᠰᠠᠨ ᠪᠠᠶᠢᠨ᠎ᠠ᠃ ︽ᠶᠠᠭᠤ ᠢᠳᠡᠵᠦ ᠶᠠᠭᠤ ᠤᠤᠭᠤᠬᠤ ᠨᠢ ᠴᠢᠬᠤᠯᠠ ᠪᠢᠰᠢ᠂ ᠬᠡᠨ ᠲᠠᠢ ᠢᠳᠡᠵᠦ ᠤᠤᠭᠤᠬᠤ ᠨᠢ ᠴᠢᠬᠤᠯᠠ︾ ᠪᠠᠶᠢᠵᠤ᠂ ᠦᠵᠡᠬᠦ ᠳᠤ ᠡᠩ ᠤᠨ ᠬᠤᠭᠤᠯᠠᠨ ᠰᠢᠷᠡᠭᠡ ᠰᠢᠭ ᠪᠤᠯᠪᠠᠴᠤ ᠠᠷᠤ ᠳᠤᠨᠢ ᠤᠴᠢᠷ ᠶᠠᠪᠤᠳᠠᠯ ᠰᠢᠢᠳᠪᠦᠷᠢᠯᠡᠭᠦᠯᠬᠦ᠂ ᠠᠰᠢᠭ ᠲᠤᠰᠠ ᠬᠦᠷᠭᠡᠬᠦ ᠠᠵᠢᠯᠯᠠᠭ᠎ᠠ ᠨᠢᠭᠤᠭᠳᠠᠵᠤ ᠪᠠᠶᠢᠬᠤ ᠮᠠᠭᠠᠳ᠃ ᠡᠷᠬᠡᠪᠰᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠠᠷᠤ ᠳᠠᠬᠢ ᠢᠯᠵᠢᠷᠡᠯ ᠤᠨ ᠠᠰᠠᠭᠤᠳᠠᠯ ᠢ ᠭᠦᠨᠵᠡᠭᠡᠢ ᠠᠭᠤᠳᠠᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠡᠪᠡᠷᠰᠢᠭᠦᠯᠵᠦ᠂ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃       ᠣᠶᠢᠷ᠎ᠠ ᠳᠤ ᠣᠯᠠᠨ ᠭᠠᠵᠠᠷ ᠤᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠯᠭᠠᠭ᠎ᠠ ᠪᠠᠷ ᠵᠠᠷᠯᠠᠨ ᠮᠡᠳᠡᠭᠳᠡᠵᠦ᠂ ︽ᠢᠳᠡᠵᠦ ᠤᠤᠭᠤᠬᠤ ᠲᠠᠯ᠎ᠠ ᠪᠠᠷ ᠬᠢ ᠢᠯᠵᠢᠷᠡᠯ︾ ᠢ ᠴᠡᠭᠴᠡᠯᠡᠨ ᠵᠠᠰᠠᠬᠤ ᠶᠢ ᠨᠠᠩ ᠳᠣᠪᠤᠶᠢᠯᠭᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠰᠤᠷᠲᠠᠯ ᠢ ᠡᠷᠡᠰ ᠬᠤᠷᠢᠭᠯᠠᠵᠤ᠂ ᠶᠠᠭᠠᠬᠢᠭᠰᠠᠨ ᠴᠤ ᠰᠤᠯᠠ ᠲᠠᠯᠪᠢᠵᠤ ᠪᠤᠯᠬᠤ ᠦᠭᠡᠢ᠂ ᠡᠷᠬᠡᠪᠰᠢ ᠲᠡᠮᠦᠷ ᠮᠡᠲᠦ ᠳᠦᠷᠢᠮ ᠲᠣᠭᠲᠠᠭᠠᠯ ᠢ ᠪᠠᠲᠤ ᠰᠠᠬᠢᠵᠤ᠂ ᠲᠣᠭᠲᠠᠭᠠᠯ ᠠᠴᠠ ᠵᠥᠷᠢᠴᠡᠵᠦ ᠢᠳᠡᠵᠦ ᠤᠤᠭᠤᠭᠰᠠᠨ ᠬᠥᠮᠥᠨ ᠪᠠ ᠬᠡᠷᠡᠭ ᠲᠤ ᠴᠢᠩᠭ᠎ᠠ ᠬᠦᠴᠦᠲᠦ ᠪᠠᠶᠢᠳᠠᠯ ᠢ ᠪᠦᠷᠢᠯᠳᠦᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠵᠦ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号