ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠭᠢᠯᠭᠠᠨ ᠮᠡᠳᠡᠭᠡ 6 ᠰᠠᠷ᠎ᠠ ᠶᠢᠨ 4 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠥᠩ ᠨᠠᠨ ᠬᠠᠢ ᠳᠤ ᠪᠧᠯᠤᠷᠦ᠋ᠰᠢᠶ᠎ᠠ ᠶᠢᠨ | ᠶᠡᠷᠦᠩᠬᠡᠶᠢᠯᠡᠭᠴᠢ ᠯᠦᠺᠠᠱᠧᠨᠺᠧ ᠲᠠᠢ ᠠᠭᠤᠯᠵᠠᠪᠠ᠃ | | | | 6 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠥᠩ ᠨᠠᠨ ᠬᠠᠢ ᠳᠤ | ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠠᠱᠧᠨᠺᠧ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ ᠯᠦᠺᠠᠱᠧᠨᠺᠧ ᠶᠢᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠳᠠᠬᠢᠨᠲᠠ | ᠪᠠᠶᠠᠷ ᠬᠦᠷᠭᠡᠪᠡ᠃ ᠰᠢ ᠶᠢᠨ ᠫᠢᠩ᠂ ᠳᠤᠮᠳᠠᠳᠤ ᠤᠯᠤᠰ ᠪᠣᠯᠣᠨ ᠪᠧᠯᠤᠷᠦ᠋ᠰᠢᠶ᠎ᠠ ᠪᠣᠯ ᠵᠢᠩᠬᠢᠨᠢ ᠨᠠᠶᠢᠵᠠ᠂ ᠰᠠᠶᠢᠨ | ᠬᠠᠨᠢᠲᠠᠨ ᠮᠥᠨ᠃ ᠬᠤᠶᠠᠷ ᠲᠠᠯ᠎ᠠ ᠪᠠᠷ ᠢᠶᠠᠨ ᠦᠨᠡᠨᠴᠢ ᠪᠠᠷ ᠬᠠᠨᠳᠤᠵᠤ᠂ ᠢᠲᠡᠭᠡᠮᠵᠢᠲᠡᠢ ᠶᠠᠪᠤᠯᠴᠠᠭᠰᠠᠭᠠᠷ ᠢᠷᠡᠵᠠᠢ᠃ | ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠶᠠᠪᠤᠬᠤ ᠲᠤᠳᠤᠮ ᠪᠠᠲᠤᠵᠢᠵᠤ᠂ ᠤᠯᠤᠰ ᠲᠦᠷᠦ ᠶᠢᠨ ᠢᠲᠡᠭᠡᠯᠴᠡᠭᠡ | ᠪᠠᠲᠤᠵᠢᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠦᠭᠦ ᠲᠠᠯ᠎ᠠ ᠪᠠᠷ ᠠᠬᠢᠪᠠ᠃ ᠳᠤᠮᠳᠠᠳᠤ ᠤᠯᠤᠰ ᠢᠮᠠᠭᠲᠠ ᠪᠠᠶᠢᠯᠳᠤᠬᠤ | ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠪᠧᠯᠤᠷᠦ᠋ᠰᠢᠶ᠎ᠠ ᠶᠢᠨ ᠬᠠᠷᠢᠯᠴᠠᠭ᠎ᠠ ᠳᠤ | ᠬᠠᠨᠳᠤᠬᠤ ᠪᠠ ᠬᠥᠭᠵᠢᠭᠦᠯᠵᠦ᠂ ᠳᠤᠷᠠᠲᠠᠶ᠎ᠠ ᠪᠧᠯᠤᠷᠦ᠋ᠰᠢᠶ᠎ᠠ ᠶᠢᠨ ᠬᠢᠨ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ | ᠪᠣᠯᠣᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ ᠬᠤᠶᠠᠷ | ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠡᠵᠡᠷᠬᠡᠭᠯᠡᠬᠦ ᠬᠠᠷᠭᠢᠰᠯᠠᠬᠤ ᠳᠠᠷᠤᠯᠠᠬᠤ ᠶᠢ ᠬᠠᠮᠲᠤ ᠪᠠᠷ ᠡᠰᠡᠷᠭᠦᠴᠡᠵᠦ᠂ ᠳᠡᠯᠡᠬᠡᠢ ᠶᠢᠨ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠯᠦᠺᠠᠱᠧᠨᠺᠧ᠂ ᠡᠨᠡ ᠪᠣᠯ ᠮᠢᠨᠤ 15 ᠳ᠋ᠤᠭᠠᠷ ᠤᠳᠠᠭ᠎ᠠ ᠳᠤᠮᠳᠠᠳᠤ ᠤᠯᠤᠰ ᠲᠤ ᠠᠶᠢᠯᠴᠢᠯᠠᠵᠤ ᠪᠠᠶᠢᠭ᠎ᠠ | ᠶᠠᠪᠤᠳᠠᠯ ᠪᠣᠯᠣᠨ᠎ᠠ᠂ ᠤᠳᠠᠭ᠎ᠠ ᠪᠦᠷᠢ ᠳᠤᠮᠳᠠᠳᠤ ᠤᠯᠤᠰ ᠤᠨ ᠭᠦᠨ ᠵᠤᠵᠠᠭᠠᠨ ᠨᠥᠬᠦᠷᠯᠡᠯ ᠢ ᠦᠨᠡᠨ ᠬᠦ ᠮᠡᠳᠡᠷᠡᠳᠡᠭ᠃ | ᠪᠧᠯᠤᠷᠦ᠋ᠰᠢᠶ᠎ᠠ ᠶᠢᠨ ᠬᠢᠨ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠬᠦᠴᠦᠲᠡᠢ ᠲᠡᠮᠵᠢᠵᠤ | ᠬᠠᠪᠰᠤᠷᠤᠬᠰᠠᠨ ᠳᠤ ᠲᠠᠯᠠᠷᠬᠠᠵᠤ᠂ ᠳᠤᠮᠳᠠᠳᠤ ᠤᠯᠤᠰ ᠢ ᠳᠡᠭᠡᠳᠦ ᠬᠡᠮᠵᠢᠶ᠎ᠡ ᠪᠠᠷ ᠢᠲᠡᠭᠡᠵᠦ᠂ ᠳᠤᠮᠳᠠᠳᠤ | ᠤᠯᠤᠰ ᠯᠤᠭ᠎ᠠ ᠶᠢᠨ ᠬᠠᠷᠢᠯᠴᠠᠭ᠎ᠠ ᠶᠢ ᠡᠷᠡᠰ ᠭᠤᠶᠢᠪᠢᠰᠢ ᠦᠭᠡᠢ ᠬᠥᠭᠵᠢᠭᠦᠯᠵᠦ᠂ ᠳᠤᠮᠳᠠᠳᠤ ᠤᠯᠤᠰ ᠯᠤᠭ᠎ᠠ ᠶᠢᠨ | ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠤᠨ᠎ᠠ᠃ ᠳᠡᠯᠡᠬᠡᠢ ᠶᠢᠨ ᠬᠡᠷᠡᠭ ᠶᠠᠪᠤᠳᠠᠯ ᠳᠤᠮᠳᠠ᠂ ᠳᠤᠮᠳᠠᠳᠤ ᠤᠯᠤᠰ ᠤᠯᠠᠨ | ᠲᠠᠯᠠᠲᠤ ᠦᠵᠡᠯ ᠢ ᠡᠷᠡᠰ ᠬᠠᠮᠠᠭᠠᠯᠠᠵᠤ᠂ ᠭᠠᠭᠴᠠ ᠲᠠᠯᠠᠲᠤ ᠦᠵᠡᠯ ᠪᠣᠯᠣᠨ ᠵᠠᠯᠬᠠᠭᠠᠯ ᠳᠠᠷᠤᠯᠲᠠ ᠦᠵᠡᠭᠦᠯᠭᠦ ᠶᠢ | ᠡᠰᠡᠷᠭᠦᠴᠡᠵᠦ᠂ ᠳᠡᠯᠡᠬᠡᠢ ᠳ᠋ᠠᠬᠢᠨ ᠳᠤ ᠦᠯᠢᠭᠡᠷ ᠳᠠᠭᠤᠷᠢᠶᠠᠯ ᠦᠵᠡᠭᠦᠯᠪᠡ᠃ ᠪᠧᠯᠤᠷᠦ᠋ᠰᠢᠶ᠎ᠠ ᠶᠢᠨ ᠬᠢᠨ ᠪᠢᠰᠢᠷᠡᠵᠦ | ᠪᠠᠶᠢᠬᠤ ᠪᠠᠨ ᠭᠦᠨ᠎ᠡ ᠢᠯᠡᠳᠬᠡᠵᠦ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | | | | | | | | |